ᠶᠡᠭᠡ ᠰᠢᠬᠡᠲᠡᠢ ᠪᠠᠯᠭᠠᠰᠣ ᠪᠡᠶ᠎ᠡ ᠴᠢᠬᠢᠷᠠᠭᠵᠢᠭᠤᠯᠬᠤ ᠪᠠᠭᠠᠵᠢ ᠶᠢ ᠰᠢᠨᠡᠴᠢᠯᠡᠨ ᠠᠷᠠᠳ ᠲᠤ ᠲᠦᠬᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/11/3
      ᠶᠡᠭᠡ ᠰᠢᠭᠡᠲᠡᠢ ᠪᠠᠯᠭᠠᠰᠤᠨ ᠤ ᠡᠯ᠎ᠡ ᠲᠣᠰᠬᠤᠨ ᠤ ᠣᠯᠠᠨ ᠲᠦᠮᠡᠨ ᠤ ᠦᠢᠯᠡᠴᠢᠯᠡᠬᠡᠨ ᠤ ᠲᠥᠪ ᠪᠣᠯᠤᠨ ᠠᠭᠤᠳᠠᠮ ᠲᠠᠯᠠᠪᠠᠶ ᠶᠢᠨ ᠪᠡᠶ᠎ᠡ ᠴᠢᠭᠢᠷᠠᠭᠵᠢᠭᠤᠯᠬᠤ ᠪᠠᠭᠠᠵᠢ ᠶᠢᠨ ᠣᠯᠠᠩᠬᠢ ᠨᠢ ᠬᠠᠭᠤᠴᠢᠷᠠᠵᠤ᠂ ᠠᠮᠤᠷ ᠲᠦᠪᠰᠢᠨ ᠤ ᠠᠰᠠᠭᠤᠳᠠᠯ ᠣᠷᠣᠰᠢᠨ ᠬᠥᠮᠦᠰ ᠢ ᠰᠠᠨᠠᠭᠠᠰᠢᠷᠠᠭᠤᠯᠵᠤ ᠪᠠᠶᠢᠪᠠ᠃ ᠣᠶᠢᠷ᠎ᠠ ᠶᠢᠨ ᠵᠢᠯ ᠳᠤ ᠂ ᠶᠡᠭᠡ ᠰᠢᠭᠡᠲᠠᠢ ᠪᠠᠯᠭᠠᠰᠣ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠢᠭᠰᠡᠨ ᠠᠴᠠ ᠲᠠᠷᠢᠶᠠᠴᠢᠳ ᠤᠨ ᠰᠡᠯᠡᠭᠦᠦ ᠴᠠᠭ  ᠨᠠᠩ ᠬᠦᠢᠴᠡᠳ ᠪᠣᠯᠵᠣ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠰᠡᠳᠬᠢᠯᠭᠡ ᠣᠷᠬᠢᠯᠣᠮ᠎ᠠ ᠪᠣᠯᠣᠭᠰᠠᠨ ᠪᠠᠶᠢᠨ᠎ᠠ᠃     ᠡᠳᠡᠭᠡᠷ ᠪᠠᠶᠢᠳᠠᠯ ᠳᠤ ᠬᠠᠨᠳᠣᠭᠤᠯᠣᠨ᠂ ᠲᠣᠰ ᠪᠠᠯᠭᠠᠰᠣ ᠶᠢᠨ ᠬᠢᠨ ᠤᠷᠠᠳ ᠤᠨ ᠡᠮᠦᠨᠡᠲᠦ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠲᠠᠢ ᠢᠳᠡᠪᠬᠢᠲᠡᠶ ᠵᠣᠯᠭᠠᠯᠴᠠᠵᠤ᠂ 10 ᠢᠵᠢ ᠪᠡᠶ᠎ᠡ ᠴᠢᠭᠢᠷᠠᠭᠵᠢᠭᠤᠯᠬᠤ ᠪᠠᠭᠠᠵᠢ ᠶᠢ ᠪᠠᠯᠭᠠᠰᠤᠨ ᠤ ᠲᠥᠪ ᠠᠭᠤᠳᠠᠮ ᠲᠠᠯᠠᠪᠠᠶ᠂ ᠣᠯᠠᠨ ᠲᠦᠮᠡᠨ ᠤ ᠦᠢᠯᠡᠴᠢᠯᠡᠬᠡᠨ ᠤ ᠲᠥᠪ ᠪᠣᠯᠤᠨ ᠲᠥᠬᠦᠭᠡᠷᠦᠮᠵᠢ ᠨᠢ ᠬᠠᠭᠤᠴᠢᠷᠠᠭᠰᠠᠨ ᠲᠣᠰᠬᠤᠨ ᠤ ᠳᠤᠭᠤᠶᠢᠯᠠᠩ ᠤᠨ ᠠᠭᠤᠳᠠᠮ ᠲᠠᠯᠠᠪᠠᠶ ᠳᠤ ᠬᠤᠪᠢᠶᠠᠷᠢᠯᠠᠨ ᠣᠭᠰᠠᠷᠠᠵᠤ᠂ ᠠᠷᠠᠳ ᠣᠯᠠᠨ ᠤ  ᠪᠠᠶ᠎ᠠ ᠴᠢᠬᠢᠷᠠᠭᠵᠢᠭᠤᠯᠬᠤ ᠳᠤ ᠲᠦᠭᠦᠮ ᠨᠦᠬᠦᠴᠡᠯ ᠬᠠᠩᠭᠠᠨᠰᠠᠨ ᠮᠦᠷᠲᠡᠭᠡᠨ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠴᠢᠨᠠᠷ ᠢ ᠨᠠᠩ ᠴᠢᠬᠤᠴᠢᠯᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠶᠡᠭᠡ ᠰᠢᠭᠡᠲᠡᠢ ᠪᠠᠯᠭᠠᠰᠣ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠦᠷᠭᠦᠯᠵᠢᠯᠡᠨ ᠵᠣᠯᠭᠠᠭᠤᠯᠵᠤ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶ ᠬᠢᠵᠦ᠂  ᠣᠯᠠᠨ ᠲᠦᠮᠡᠨ ᠤ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠨᠠᠩ ᠣᠯᠠᠨ ᠠᠰᠢᠭᠲᠠᠶ ᠨᠥᠬᠦᠴᠡᠯ ᠢ ᠪᠦᠷᠢᠯᠳᠦᠭᠦᠯᠵᠦ ᠦᠭᠭᠦ ᠪᠠᠷ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ