ᠣᠷᠠᠳ ᠤᠨ ᠡᠮᠦᠨᠡᠲᠤ ᠬᠤᠰᠢᠭᠤ᠄  ᠬᠢᠵᠢᠭ ᠥᠬᠡᠶ ᠵᠠᠬ᠎ᠠ ᠳᠡᠯᠭᠡᠭᠦᠷ ᠲᠤ ᠬᠥᠮᠦᠨ ᠪᠦᠬᠦᠨ ᠣᠷᠣᠯᠴᠠᠵᠤ ᠥᠪᠡᠷ ᠤᠨ ᠪᠡᠶ᠎ᠡ ᠠᠴᠠ ᠪᠠᠨ ᠭᠠᠷᠲᠠᠨ ᠬᠢᠬᠦ  ᠰᠠᠨᠠᠭᠠᠴᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/11/3
      ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ  ᠦᠢᠯᠡᠴᠢᠯᠡᠬᠡᠨ ᠤ ᠲᠥᠪ ᠲᠣᠰ ᠬᠤᠰᠢᠭᠤᠨ ᠤ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠳᠡᠯᠭᠡᠭᠦᠷ ᠢ ᠵᠣᠬᠢᠶᠠᠨ ᠪᠠᠶᠢᠭᠤᠯᠤᠨ ︽ᠬᠢᠵᠢᠭ ᠥᠬᠡᠶ ᠵᠠᠬ᠎ᠠ ᠳᠡᠯᠭᠡᠭᠦᠷ ᠲᠤ ᠬᠥᠮᠦᠨ ᠪᠦᠬᠦᠨ ᠣᠷᠣᠯᠴᠠᠵᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠭᠠᠷ ᠤᠨ ᠥᠰᠥᠭ ᠵᠢᠷᠤᠬᠤ ᠰᠠᠨᠠᠭᠠᠴᠢᠯᠠᠭ᠎ᠠ ᠶᠢᠨ ᠠᠵᠢᠯᠯᠠᠭ᠎ᠠ ᠦᠷᠨᠢᠬᠦᠯᠵᠦ᠂  ᠥᠷᠭᠡᠨ ᠣᠯᠠᠨ ᠠᠷᠠᠳ ᠲᠦᠮᠡᠨ ᠳᠤ ᠠᠮᠤᠷ ᠲᠦᠪᠰᠢᠨ ᠬᠢᠵᠢᠭ ᠦᠭᠡᠢ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠪᠠᠶᠢᠨ᠎ᠠ᠃     ᠲᠣᠰ ᠣᠳᠠᠭᠠᠨ ᠤ ᠠᠵᠢᠯᠯᠠᠭᠠᠨ ᠨᠢ ᠵᠠᠬ᠎ᠠ ᠳᠡᠯᠭᠡᠭᠦᠷ ᠲᠤ ᠣᠷᠣᠭᠰᠠᠳ ᠴᠥᠮ ᠤᠬᠠᠮᠰᠠᠷ ᠠᠴᠠ ᠪᠠᠨ ᠠᠮᠠᠪᠴᠢ ᠵᠡᠭᠦᠵᠦ᠂ ᠺᠣᠳ᠋ ᠰᠢᠷᠪᠢᠵᠦ ᠪᠦᠷᠢᠳᠬᠡᠵᠦ᠂ ᠡᠮᠬᠢ ᠵᠢᠷᠤᠮ ᠲᠠᠢ ᠪᠠᠷ ᠮᠦᠷᠯᠡᠨ ᠪᠡᠶ᠎ᠡ ᠶᠢᠨ ᠬᠠᠯᠠᠭᠤᠨ ᠢ ᠬᠡᠮᠵᠢᠬᠦ ᠪᠠᠶᠢᠴᠠᠭᠠᠯᠲᠠ ᠶᠢ  ᠬᠦᠯᠢᠶᠡᠵᠦ᠂ ᠬᠤᠳᠠᠯᠳᠤᠭᠠᠨ ᠤ ᠲᠠᠯᠠᠪᠤᠷ ᠲᠠᠢ ᠬᠠᠮᠵᠢᠯᠴᠠᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠬᠡᠷᠡᠭᠯᠡᠭᠴᠢᠳ ᠪᠠᠷᠠᠭ᠎ᠠ ᠬᠤᠳᠠᠯᠳᠤᠨ ᠠᠪᠬᠤ ᠶᠠᠪᠤᠴᠠ ᠳᠠᠭᠠᠨ ᠣᠯᠠᠨ ᠨᠡᠶᠢᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠵᠤ᠂ ᠪᠠᠷᠠᠭ᠎ᠠ ᠬᠤᠳᠠᠯᠳᠤᠨ ᠠᠪᠬᠤ ᠳᠠᠭᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠶᠢ ᠠᠩᠬᠠᠷᠴᠤ᠂ ᠪᠣᠯᠪᠠᠰᠤᠨ ᠪᠠᠷᠠᠭ᠎ᠠ ᠬᠤᠳᠠᠯᠳᠤᠨ ᠠᠪᠬᠤ ᠦᠢᠯᠡᠳᠦᠯᠭᠡᠵᠢᠭᠦᠯᠦᠭᠴᠢ ᠪᠣᠯᠬᠤ ᠶᠢ ᠵᠣᠷᠢᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ