10 ᠰᠠᠷ᠎ᠠ ᠶᠢᠨ 31 ᠤ ᠡᠳᠦᠷ ᠬᠤᠷᠠᠯᠳᠤᠭᠤᠯᠤᠭᠰᠠᠨ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭᠢ ᠰᠡᠷᠭᠡᠶᠢᠯᠡᠨ ᠬᠤᠷᠢᠭᠯᠠᠬᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠡᠶᠢᠲᠡᠯᠡᠭᠰᠡᠨ ᠢᠶᠠᠷ᠂ ᠬᠦᠬᠡᠬᠤᠳᠡ ᠶᠢᠨ ᠬᠢᠨ ᠣᠶᠢᠷ᠎ᠠ ᠶᠢᠨ ᠬᠤᠭᠤᠴᠡᠭᠠᠠ ᠳᠤ ︽ᠦᠲᠦᠭᠡᠭᠴᠢ ᠶᠢᠨ ᠪᠠᠶᠢᠴᠠᠭᠠᠯᠲᠠ | + ᠪᠥᠭᠡᠮ ᠬᠦᠴᠢᠯ ᠤᠨ ᠪᠠᠶᠢᠴᠠᠭᠠᠯᠲᠠ︾ ᠶᠢᠨ ᠬᠠᠮ ᠪᠠᠶᠢᠴᠠᠭᠠᠯᠲᠠ ᠵᠢᠨᠠᠷᠭ᠎ᠠ ᠬᠡᠯᠪᠡᠷᠢ ᠶᠢ ᠬᠡᠷᠡᠭᠯᠡᠪᠡ᠃ | ᠬᠡᠷᠪᠡ ᠦᠳᠦᠭᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠡᠷ ᠢᠯᠡᠷᠡᠪᠡᠯ ᠳᠣᠤᠷᠠᠬᠢ ᠭᠤᠷᠪᠠᠨ ᠠᠯᠬᠤᠮ ᠢᠶᠠᠷ ᠬᠢᠭᠡᠷᠡᠢ᠄ | ᠨᠢᠭᠡ ᠳᠤ᠂ ᠠᠮᠠᠪᠴᠢ ᠪᠠᠨ ᠳᠠᠷᠤᠢ ᠳᠤᠨᠢ ᠵᠡᠭᠦᠵᠦ᠂ ᠬᠠᠮᠲᠤ ᠰᠠᠭᠤᠭ᠎ᠠ ᠬᠥᠮᠦᠰ ᠠᠴᠠ ᠪᠠᠨ ᠵᠣᠬᠢᠬᠤ ᠵᠠᠢ ᠲᠠᠢ ᠪᠠᠶᠢᠵᠦ᠂ ᠨᠥᠬᠦᠴᠡᠯ ᠲᠠᠢ ᠪᠣᠯ ᠭᠠᠭᠴᠡᠭᠠᠷ ᠢᠶᠠᠨ | ᠨᠢᠭᠡ ᠥᠷᠥᠭᠡ ᠳᠤ ᠰᠠᠭᠤᠨ᠎ᠠ︔ | ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ ᠲᠠᠭᠠᠨ ᠮᠡᠳᠡᠭᠦᠯᠵᠦ᠂ ᠰᠠᠭᠤᠭ᠎ᠠ ᠬᠠᠶ᠋ᠢᠭ ᠪᠠ ᠠᠷᠭ᠎ᠠ ᠴᠢᠨᠠᠷ ᠢᠯᠡᠷᠡᠭᠰᠡᠨ ᠪᠠᠶᠢᠳᠠᠯ ᠢᠶᠠᠨ | ᠮᠡᠳᠡᠭᠳᠡᠵᠦ᠂ ᠪᠥᠭᠡᠮ ᠬᠦᠴᠢᠯ ᠤᠨ ᠪᠠᠶᠢᠴᠠᠭᠠᠯᠲᠠ ᠲᠣᠬᠢᠷᠠᠭᠤᠯᠬᠤ ᠶᠢ ᠬᠦᠯᠢᠶᠡᠨ᠎ᠡ︔ | ᠭᠤᠷᠪᠠ ᠳᠤ᠂ ᠬᠡᠷᠡᠭᠯᠡᠵᠦ ᠥᠩᠭᠡᠷᠡᠭᠰᠡᠨ ᠦᠯᠢᠭᠡᠷ ᠠᠪᠤᠭᠰᠠᠨ ᠭᠤᠤᠷᠰᠦ᠂ ᠪᠠᠶᠢᠴᠠᠭᠠᠯᠲᠠ ᠶᠢᠨ ᠺᠠᠷᠲ ᠵᠡᠷᠭᠡ ᠪᠠᠨ ᠪᠦᠷᠢᠨ ᠴᠤᠭᠯᠠᠭᠤᠯᠵᠤ᠂ ᠨᠢᠭᠲᠠ | ᠪᠢᠲᠡᠭᠦᠮᠵᠢᠯᠡᠭᠰᠡᠨ ᠤᠭᠤᠲᠠᠨ ᠳᠤ ᠬᠢᠵᠦ᠂ ᠬᠠᠮᠢᠶᠠᠷᠤᠯᠲᠠ ᠶᠢᠨ ᠠᠵᠢᠯᠲᠠᠨ ᠳᠤ ᠲᠤᠰᠢᠶᠠᠵᠤ ᠡᠮᠴᠢᠯᠡᠭᠡᠨ ᠤ ᠬᠠᠶᠠᠭᠳᠠᠮᠠᠯ ᠪᠣᠳᠠᠰ ᠢᠶᠠᠷ ᠰᠢᠢᠳᠪᠦᠷᠢᠯᠡᠭᠦᠯᠦᠨ᠎ᠡ᠃ | | ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠬᠡᠪ ᠤᠨ ᠪᠤᠰᠤ ᠪᠠᠶᠢᠪᠠᠯ᠂ ᠮᠡᠳᠡᠭᠳᠡᠯ ᠢ ᠲᠤᠰᠤᠬᠰᠡᠡ ᠤ ᠳᠠᠷᠠᠭ᠎ᠠ ᠳᠣᠣᠷᠠᠬᠢ ᠲᠠᠪᠤᠨ ᠲᠠᠯ᠎ᠠ ᠶᠢ ᠰᠠᠶᠢᠲᠤᠷ ᠬᠢᠬᠦ | ᠬᠡᠷᠡᠭᠲᠡᠶ᠄ | ᠨᠢᠭᠡ ᠳᠤ᠂ ᠯᠠᠪᠳᠠᠭᠤᠨ ᠲᠣᠭᠲᠠᠭᠤᠨ ᠪᠠᠶᠢᠵᠤ᠂ ᠶᠠᠭᠠᠬᠢᠭᠰᠠᠨ ᠴᠤ ᠠᠶᠤᠵᠤ ᠰᠠᠨᠳᠤᠷᠴᠦ ᠪᠣᠯᠬᠤ ᠥᠬᠡᠶ︔ | ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠭᠠᠵᠠᠷ ᠲᠠᠭᠠᠨ ᠪᠡᠶ᠎ᠡ ᠪᠠᠨ ᠲᠤᠰᠠᠭᠠᠷᠯᠠᠵᠤ᠂ ᠨᠥᠬᠦᠴᠡᠯ ᠲᠠᠢ ᠪᠣᠯ ᠭᠠᠭᠴᠡᠭᠠᠷ ᠢᠶᠠᠨ ᠨᠢᠬᠡ ᠦᠷᠦᠭᠡ ᠳᠤ | ᠰᠠᠭᠤᠵᠤ᠂ ᠠᠮᠠᠪᠴᠢ ᠪᠠᠨ ᠵᠡᠭᠦᠵᠦ᠂ ᠪᠤᠰᠤᠳ ᠬᠥᠮᠦᠨ ᠲᠠᠢ ᠵᠣᠬᠢᠬᠤ ᠵᠠᠶ ᠶᠢ ᠪᠠᠲᠤᠯᠠᠬᠤ ᠶᠢᠨ ᠬᠠᠮᠲᠤ ᠬᠠᠷᠢᠯᠴᠠᠭ᠎ᠠ ᠬᠤᠯᠪᠣᠭ᠎ᠠ ᠪᠠᠨ ᠲᠠᠰᠤᠯᠳᠠᠬᠤ ᠦᠭᠡᠢ ᠪᠠᠶᠢᠬᠤ | ᠬᠡᠷᠡᠭᠲᠡᠢ︔ | ᠭᠤᠷᠪᠠ ᠳᠤ᠂ ᠥᠪᠡᠷ ᠤᠨ ᠤᠢᠢᠷ᠎ᠠ ᠶᠢᠨ ᠬᠡᠲᠦᠨ ᠡᠳᠦᠷ ᠤᠨ ᠶᠡᠪᠤᠵᠤ ᠰᠡᠭᠤᠬᠰᠡᠡ ᠵᠠᠮ ᠱᠤᠭᠤᠮ ᠢᠶᠠᠨ ᠨᠠᠷᠢᠨ ᠨᠢᠮᠪᠡᠢ ᠡᠷᠭᠢᠴᠡᠭᠦᠯᠦᠨ᠎ᠡ︔ | ᠲᠦᠷᠪᠡ ᠳᠤ᠂ ᠤᠢᠢᠷ᠎ᠠ ᠶᠢᠨ ᠬᠤᠭᠤᠴᠡᠭᠠᠠ ᠳᠤ ᠨᠢᠭᠲᠠ ᠦᠢᠷᠡᠳᠤᠬᠰᠡᠳ ᠲᠠᠭᠠᠨ ᠮᠡᠳᠡᠭᠳᠡᠵᠦ᠂ ᠬᠥᠮᠦᠨ ᠤᠯᠠᠨ ᠴᠤᠭᠯᠠᠷᠠᠳᠠᠭ ᠲᠠᠯᠠᠪᠤᠷ ᠲᠤ | ᠣᠴᠢᠬᠤ ᠠᠴᠠ ᠵᠠᠶᠢᠯᠠᠰᠬᠢᠵᠦ᠂ ᠥᠪᠡᠷ ᠤᠨ ᠡᠷᠡᠭᠦᠯ ᠮᠡᠨᠳᠤ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠵᠦ᠂ ᠵᠣᠬᠢᠴᠠᠭᠤᠯᠤᠨ ᠲᠤᠬᠢᠷᠠᠭᠤᠯᠵᠤ ᠬᠠᠮᠢᠶᠠᠷᠤᠨ ᠡᠵᠡᠮᠳᠡᠬᠦ | ᠠᠵᠢᠯ ᠲᠠᠢ ᠬᠠᠮᠵᠢᠯᠴᠠᠬᠤ ᠬᠡᠷᠡᠭᠲᠡᠢ︔ | ᠲᠠᠪᠤ ᠳᠤ᠂ ᠪᠡᠶ᠎ᠡ ᠶᠢᠨ ᠦᠨᠡᠮᠯᠡᠯ᠂ ᠪᠠᠶᠢᠩᠭᠤ ᠬᠡᠷᠡᠭᠯᠡᠬᠦ ᠡᠮ ᠤᠨ ᠵᠦᠢᠯ᠂ ᠰᠣᠯᠢᠵᠤ ᠤᠬᠢᠶᠠᠬᠤ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠡᠷᠭᠡ | ᠡᠮᠴᠢᠯᠡᠭᠡᠨ ᠤ ᠪᠠᠶᠢᠭᠤᠯᠤᠮᠵᠢ ᠪᠤᠶᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠣᠴᠢᠬᠤ ᠳᠤ ᠬᠡᠷᠡᠭᠰᠡᠬᠦ ᠡᠳ᠋ ᠪᠣᠳᠠᠰ ᠢᠶᠠᠨ ᠪᠡᠯᠡᠳᠬᠡᠵᠤ᠂ ᠤᠨᠴᠠᠭᠠᠶᠢᠯᠠᠨ ᠭᠠᠷ | ᠤᠲᠠᠰᠤᠨ ᠤ ᠴᠠᠬᠢᠯᠭᠠᠨ ᠴᠡᠨᠡᠭᠯᠡᠬᠦ ᠤᠲᠠᠰᠤ ᠪᠠᠨ ᠮᠠᠷᠲᠠᠬᠤ ᠦᠭᠡᠢ ᠶᠢ ᠰᠡᠨᠡᠭᠤᠯᠵᠤ ᠪᠡᠶᠢᠨ᠎ᠠ᠃ | ᠬᠡᠷᠪᠡ ᠤᠯᠡᠡ ᠬᠦᠮᠤᠨ ᠬᠠᠮ ᠭᠤᠤᠷᠰᠤ ᠶᠢᠨ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠠᠷᠭ᠎ᠠ ᠴᠢᠨᠠᠷ ᠢᠯᠡᠷᠡᠪᠡᠯ ᠮᠡᠳᠡᠭᠳᠡᠯ ᠢ ᠲᠤᠰᠤᠬᠰᠡᠡ ᠤ ᠳᠠᠷᠠᠭ᠎ᠠ | ᠦᠪᠡᠷ ᠤᠨ ᠪᠡᠶᠢᠭ᠎ᠠ ᠣᠷᠣᠨ ᠪᠠᠶᠢᠷᠢ ᠪᠠᠨ ᠲᠤᠳᠤ ᠬᠡᠯᠡᠵᠦ ᠥᠭᠬᠦ ᠶᠢᠨ ᠬᠠᠮᠲᠤ ᠲᠡᠷᠡ ᠳᠠᠷᠤᠶ ᠳᠤᠨᠢ ᠠᠮᠠᠪᠴᠢ ᠪᠠᠨ ᠵᠡᠭᠦᠵᠦ᠂ ᠪᠤᠰᠤᠳ ᠬᠥᠮᠦᠨ ᠲᠠᠢ ᠵᠣᠬᠢᠬᠤ | ᠵᠠᠶ ᠶᠢ ᠪᠠᠲᠤᠯᠠᠵᠤ᠂ ᠲᠠᠬᠢᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠠᠷ ᠬᠦᠯᠢᠶᠡᠨ᠎ᠡ᠃ |