ᠰᠢ ᠶᠢᠨ ᠫᠢᠩ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2022/12/12
    ᠲᠤᠬᠠᠢ ᠶᠢᠨ ᠭᠠᠵᠠᠷ ᠤᠨ ᠴᠠᠭ ᠢᠶᠠᠷ 12 ᠰᠠᠷ᠎ᠠ ᠶᠢᠨ 8 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠶᠠᠳ᠋ ᠤᠨ ᠸᠠᠩ ᠤᠨ ᠣᠷᠳᠣᠨ ᠳᠤ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠠᠭᠤᠯᠵᠠᠪᠠ᠃     

会见沙特阿拉伯.jpg

   

    ᠲᠤᠬᠠᠢ ᠶᠢᠨ ᠭᠠᠵᠠᠷ ᠤᠨ ᠴᠠᠭ ᠢᠶᠠᠷ 12 ᠰᠠᠷ᠎ᠠ ᠶᠢᠨ 8 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠶᠠᠳ᠋ ᠤᠨ ᠸᠠᠩ ᠤᠨ

ᠣᠷᠳᠣᠨ ᠳᠤ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠠᠭᠤᠯᠵᠠᠪᠠ᠃

    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ

   

    ᠰᠢ ᠶᠢᠨ ᠫᠢᠩ᠂ 6 ᠵᠢᠯ ᠠᠯᠤᠰᠯᠠᠭᠠᠳ ᠰᠡᠦ᠋ᠳᠢ ᠠᠷᠠᠪ ᠲᠤ ᠳᠠᠬᠢᠨᠲᠠ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠪᠢ ᠳᠡᠭᠡᠷ᠎ᠡ ᠤᠳᠠᠭ᠎ᠠ ᠰᠠᠦ᠋ᠳᠢ

ᠠᠷᠠᠪ ᠲᠤ ᠠᠶᠢᠯᠴᠢᠯᠠᠬᠰᠠᠨ ᠪᠠᠶᠢᠳᠠᠯ ᠢ ᠲᠣᠳᠣᠷᠬᠠᠢ ᠴᠡᠭᠡᠵᠢᠯᠡᠵᠦ ᠪᠠᠶᠢᠨ᠎ᠠ᠃ ᠪᠢᠲᠠᠨ ᠤ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠶᠢ ᠬᠥᠭᠵᠢᠭᠦᠯᠬᠦ ᠪᠠᠷ

ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠦᠭᠦᠨ ᠦᠨᠡᠨ ᠪᠣᠳᠠᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠪᠣᠯᠣᠨ ᠬᠤᠪᠢᠷᠠᠵᠤ ᠪᠠᠶᠢᠬᠤ ᠶᠢ ᠪᠢ

ᠪᠠᠶᠠᠷ ᠲᠠᠢ ᠣᠯᠵᠤ ᠬᠠᠷᠠᠯ᠎ᠠ᠃ ᠳᠤᠮᠳᠠᠳᠤ ᠰᠠᠦ᠋ᠳᠢ ᠠᠷᠠᠪ ᠤᠨ ᠬᠠᠮᠲᠤᠷᠠᠯᠴᠠᠭ᠎ᠠ ᠥᠷᠭᠡᠨ ᠠᠭᠤᠳᠠᠮ ᠠᠯᠤᠰ ᠢᠷᠡᠭᠡᠳᠦᠢ ᠲᠠᠢ ᠶᠤᠮ᠃ ᠳᠤᠮᠳᠠᠳᠤ ᠤᠯᠤᠰ ᠰᠠᠦ᠋ᠳᠢ

ᠠᠷᠠᠪ ᠢ ᠤᠯᠠᠨ ᠲᠦᠢᠯᠵᠢᠭ᠌ᠰᠠᠨ ᠳᠡᠯᠡᠬᠡᠢ ᠶᠢᠷᠲᠢᠨᠴᠦ ᠶᠢᠨ ᠴᠢᠬᠤᠯᠠ ᠬᠦᠴᠦᠨ ᠢᠶᠠᠷ ᠦᠵᠡᠵᠦ᠂ ᠰᠠᠦ᠋ᠳᠢ ᠠᠷᠠᠪ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠰᠠᠦ᠋ᠳᠢ

ᠠᠷᠠᠪ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂

ᠬᠤᠶᠠᠷ ᠤᠯᠤᠰ ᠤᠨ ᠬᠥᠭᠵᠢᠯᠲᠡ ᠶᠢᠨ ᠠᠰᠢᠭ ᠲᠤᠰᠠ ᠳᠤ ᠦᠢᠯᠡᠴᠢᠯᠡᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ

    ᠰᠠᠯᠧᠮᠠᠨ᠂ ᠲᠡᠷᠢᠭᠦᠯᠡᠭᠴᠢ ᠰᠢ ᠶᠢᠨ ᠫᠢᠩ ᠤᠨ ᠰᠡᠦ᠋ᠳᠢ ᠠᠷᠠᠪ ᠲᠤ ᠳᠠᠬᠢᠨᠲᠠ ᠠᠶᠢᠯᠴᠢᠯᠠᠬᠰᠠᠨ ᠢ ᠪᠠᠶᠠᠷᠯᠠᠨ ᠤᠭᠲᠤᠵᠤ ᠪᠠᠶᠢᠨ᠎ᠠ᠂ ᠲᠠᠨ ᠤ 2016 ᠣᠨ ᠤ

ᠰᠡᠦ᠋ᠳᠢ ᠠᠷᠠᠪ ᠲᠠᠬᠢ ᠠᠮᠵᠢᠯᠲᠠ ᠲᠠᠢ ᠠᠶᠢᠯᠴᠢᠯᠠᠯᠲᠠ ᠪᠣᠯ ᠮᠠᠷᠲᠠᠭᠳᠠᠰᠢ ᠦᠭᠡᠢ ᠶᠤᠮ᠃ ᠣᠶᠢᠷ᠎ᠠ ᠶᠢᠨ ᠵᠢᠯ ᠠᠴᠠ᠂ ᠰᠡᠦ᠋ᠳᠢ ᠠᠷᠠᠪ ᠳᠤᠮᠳᠠᠳᠤ ᠬᠤᠶᠠᠷ

ᠤᠯᠤᠰ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠴᠥᠮ ᠰᠠᠶᠢᠨ ᠰᠠᠶᠢᠬᠠᠨ ᠠᠬᠢᠴᠠ ᠲᠠᠢ ᠪᠣᠯᠵᠤ᠂ ᠬᠤᠶᠠᠷ

ᠲᠠᠯ᠎ᠠ ᠪᠠᠷ ᠢᠶᠠᠨ ᠮᠠᠰᠢ ᠤᠯᠠᠨ ᠠᠰᠠᠭᠤᠳᠠᠯ ᠳᠡᠭᠡᠷ᠎ᠡ ᠴᠥᠮ ᠴᠢᠬᠤᠯᠠ ᠬᠠᠮᠲᠤ ᠶᠢᠨ ᠲᠠᠨᠢᠯᠲᠠ ᠲᠠᠢ ᠶᠤᠮ᠂ ᠳᠤᠮᠳᠠᠳᠤ ᠶᠢᠨ ᠲᠠᠯ᠎ᠠ ᠶᠢᠨ ᠠᠰᠢᠭ ᠲᠤᠰᠠ ᠪᠣᠯ ᠳᠠᠷᠤᠢ

ᠰᠡᠦ᠋ᠳᠢ ᠠᠷᠠᠪ ᠤᠨ ᠲᠠᠯ᠎ᠠ ᠶᠢᠨ ᠠᠰᠢᠭ ᠲᠤᠰᠠ ᠪᠣᠯᠣᠨ᠎ᠠ᠃ ᠪᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠴᠢᠷᠮᠠᠶᠢᠵᠤ ᠰᠡᠦ᠋ᠳᠢ ᠠᠷᠠᠪ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠡ ᠦᠭᠡᠢ ᠤᠷᠤᠭᠰᠢ ᠭᠦᠭᠵᠢᠭᠦ ᠶᠢ ᠠᠬᠢᠭᠤᠯᠵᠤ᠂ ᠬᠤᠶᠠᠷ ᠤᠯᠤᠰ ᠤᠨ ᠨᠥᠭᠦᠷᠰᠡᠭ ᠠᠷᠠᠳ ᠲᠦᠮᠡᠨ ᠳᠤ

ᠪᠤᠶᠠᠨ ᠦᠢᠯᠡᠳᠦᠨ᠎ᠡ᠂ ᠡᠨᠡ ᠨᠢ ᠪᠠᠰᠠ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠠᠮᠤᠷ ᠠᠮᠤᠭᠤᠯᠠᠩ ᠢ ᠪᠡᠶᠡᠯᠡᠭᠦᠯᠬᠦ ᠳᠤ

ᠠᠰᠢᠭᠲᠠᠢ ᠶᠤᠮ ᠭᠡᠵᠦ ᠢᠯᠡᠳᠬᠡᠪᠡ᠃

    ᠬᠤᠶᠠᠷ ᠤᠯᠤᠰ ᠤᠨ ᠲᠡᠷᠢᠭᠦᠨ ᠪᠡᠶ᠎ᠡ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠦ᠋ᠳᠢ ᠠᠷᠠᠪ ᠸᠠᠩᠲᠤ ᠤᠯᠤᠰ ᠤᠨ ᠪᠦᠭᠦ

ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠬᠤᠶᠠᠷ ᠵᠢᠯ ᠪᠦᠷᠢ ᠳᠤ ᠬᠤᠶᠠᠷ

ᠤᠯᠤᠰ ᠲᠤ ᠡᠭᠡᠯᠵᠢᠯᠡᠨ ᠨᠢᠭᠡ ᠤᠳᠠᠭᠠᠨ ᠤ ᠬᠤᠶᠠᠷ ᠤᠯᠤᠰ ᠤᠨ ᠲᠡᠷᠢᠭᠦᠨ ᠤ ᠠᠭᠤᠯᠵᠠᠯᠲᠠ ᠬᠢᠬᠦ ᠶᠢ ᠵᠥᠪᠰᠢᠶᠡᠷᠡᠪᠡ᠃

     ᠳ᠋ᠢᠩ ᠰᠢᠤᠸᠠᠢ ᠰᠢᠶᠠᠩ᠂ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

    

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ