ᠬᠡᠦᠬᠡᠳ ᠬᠢᠵᠢᠭ ᠲᠤ ᠨᠡᠷᠪᠡᠭᠳᠡᠪᠡᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2022/12/12
 1. ᠰᠢᠨ᠎ᠡ ᠲᠢᠲᠢᠮᠯᠢᠭ ᠸᠢᠷᠦ᠋ᠰ ᠬᠡᠦᠬᠡᠳ ᠲᠤ ᠬᠠᠯᠳᠠᠪᠤᠷᠢᠯᠠᠪᠠᠯ ᠣᠯᠠᠩᠬᠢ ᠪᠠᠶᠢᠳᠠᠯ ᠳᠤ ᠡᠪᠡᠳᠴᠢᠨ ᠤ ᠢᠯᠡᠷᠡᠯ ᠮᠡᠳᠡᠭᠳᠡᠬᠦ ᠦᠭᠡᠢ ᠪᠣᠯᠬᠤᠷ ᠡᠮ ᠳᠠᠩ ᠤᠤᠭᠤᠯᠭᠠᠬᠤ ᠬᠡᠷᠡᠭ ᠦᠭᠡᠢ᠃                2. ᠭᠡᠷ ᠵᠠᠭᠤᠷ᠎ᠠ ᠶᠢᠨ ᠠᠷᠢᠭᠤᠳᠬᠠᠯ ᠢ ᠰᠠᠶᠢᠲᠤᠷ ᠬᠢᠵᠦ᠂ ᠲᠤᠰᠠᠭᠠᠷᠯᠠᠬᠤ ᠪᠠ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠬᠦ ᠬᠡᠷᠡᠭᠳᠡᠢ︔                3. ᠨᠢᠯᠬ᠎ᠠ ᠬᠡᠦᠬᠡᠳ ᠤᠨ ᠪᠡᠶ᠎ᠡ ᠶᠢᠨ ᠪᠠᠶᠢᠳᠠᠯ ᠢ ᠴᠠᠭ ᠢᠮᠠᠬᠳᠠ ᠠᠵᠢᠭᠯᠠᠵᠤ᠂  ᠬᠡᠷᠪᠡ ᠴᠤᠭ ᠰᠦᠯᠳᠡ ᠦᠭᠡᠢ ᠪᠣᠯᠬᠤ᠂ ᠠᠮᠢᠰᠬᠤᠯ ᠳᠠᠪᠬᠤᠴᠠᠬᠤ ᠪᠠᠶᠢᠳᠠᠯ ᠢᠯᠡᠷᠡᠪᠡᠯ ᠡᠮᠴᠢ ᠳᠤ ᠦᠵᠡᠭᠦᠯᠬᠦ ᠬᠡᠷᠡᠭᠳᠡᠢ︔                4. ᠭᠡᠷ ᠲᠡᠭᠡᠨ ᠡᠮ ᠳᠠᠩ ᠪᠡᠯᠡᠳᠬᠡᠵᠦ ᠲᠠᠯᠪᠢᠬᠤ ᠭᠡᠷᠡᠭᠳᠡᠢ᠂  ᠢᠯᠠᠩᠭᠤᠶ᠎ᠠ ᠬᠠᠯᠠᠭᠤᠷᠠᠬᠤ ᠶᠢ ᠪᠠᠭᠤᠷᠠᠭᠤᠯᠬᠤ ᠡᠮ ᠳᠣᠳᠠᠬᠳᠠᠵᠦ ᠪᠤᠯᠬᠤ ᠦᠭᠡᠢ᠃                ᠨᠥᠬᠦᠴᠡᠯ ᠲᠠᠢ ᠪᠣᠯ ᠴᠢᠳᠠᠬᠤ ᠶᠢᠨ ᠳᠣᠳᠣᠷ᠎ᠠ ᠬᠡᠦᠬᠡᠳ ᠲᠡᠭᠡᠨ ᠲᠤᠰᠠᠭᠠᠷ ᠣᠨᠳᠠᠯᠭ᠎ᠠ ᠶᠢᠨ ᠥᠷᠥᠭᠡ ᠪᠤᠶᠤ ᠠᠷᠢᠭᠤᠨ ᠴᠡᠪᠡᠷ ᠤᠨ ᠲᠠᠰᠤᠯᠭ᠎ᠠ ᠲᠠᠢ ᠪᠠᠶᠢᠯᠭᠠᠨ᠎ᠠ᠃ ᠬᠡᠷᠪᠡ ᠪᠤᠯᠤᠮᠵᠢ ᠲᠠᠢ ᠪᠣᠯ᠂ ᠨᠠᠭᠠᠳᠴᠦ ᠳᠣᠬᠯᠠᠬᠤ ᠭᠠᠵᠠᠷ ᠭᠠᠷᠭᠠᠵᠦ ᠦᠭᠴᠦ  ᠪᠣᠯᠣᠨ᠎ᠠ᠃             ᠬᠠᠯᠠᠭᠤᠷᠠᠬᠤ ᠪᠠ ᠦᠷᠪᠢᠰᠦᠯ ᠢ ᠳᠠᠷᠤᠬᠤ ᠡᠮ ᠳᠤ ᠪᠷᠦᠹᠧᠨ ᠢ ᠵᠠᠷᠣᠬᠤ ᠶᠢ ᠰᠠᠨᠠᠯ  ᠪᠤᠯᠭᠠᠵᠦ  ᠪᠠᠶᠢᠨ᠎ᠠ᠂  ᠪᠷᠦᠹᠧᠨ‌ᠦᠷᠪᠢᠰᠦᠯ ᠢ ᠳᠠᠷᠤᠬᠤ ᠦᠢᠯᠡᠳᠦᠯ ᠲᠠᠢ᠃ ᠡᠩ ᠤᠨ ᠪᠠᠶᠢᠳᠠᠯ ᠳᠤ 6 ᠰᠠᠷ᠎ᠠ ᠬᠦᠷᠦᠬᠡ ᠦᠬᠡᠢ ᠨᠢᠯᠬ᠎ᠠ ᠳᠤ ᠪᠷᠤᠹᠧᠨ ᠢ ᠵᠠᠷᠣᠬᠤ ᠦᠬᠡᠢ ᠪᠠᠶᠢᠪᠠᠯ ᠰᠠᠶᠢᠨ᠃ ᠪᠥᠭᠡᠷᠡᠨ ᠤ ᠬᠤᠣᠷᠳᠠᠯᠭ᠎ᠠ ᠠᠪᠴᠢᠷᠠᠵᠦ ᠮᠡᠳᠡᠨ᠎ᠡ᠃                ᠬᠡᠷᠪᠡ ᠬᠠᠯᠳᠠᠪᠤᠷᠢ ᠠᠪᠤᠬᠰᠠᠨ ᠪᠠᠶᠢᠪᠠᠯ ᠦᠷᠭᠦᠯᠵᠢ ᠬᠠᠨᠢᠶᠠᠯᠭᠠᠳᠠᠭ᠂ ᠡᠨᠡ ᠦᠶ᠎ᠡ ᠳᠤ ᠠᠶᠤᠵᠦ ᠰᠠᠨᠳᠣᠷᠬᠤ ᠬᠡᠷᠡᠭ ᠦᠬᠡᠢ᠃ ᠡᠮᠴᠢᠯᠡᠭᠡᠨ ᠳᠡᠭᠡᠷ᠎ᠡ ᠡᠶᠢᠮᠦᠷᠬᠦᠦ ᠬᠠᠨᠢᠶᠠᠳᠤ ᠶᠢ ᠰᠢᠢᠳᠪᠦᠷᠢᠯᠡᠬᠦ ᠠᠷᠭ᠎ᠠ ᠮᠠᠶ᠋ᠢᠭ ᠨᠢ ᠡᠩ ᠤᠨ ᠬᠢᠮᠤᠷᠠᠭ᠎ᠠ ᠲᠠᠭᠰᠢᠭᠤᠷ ᠢ ᠠᠷᠭᠠᠴᠠᠬᠤ ᠲᠠᠢ ᠦᠨᠳᠦᠰᠦᠨ ᠳᠡᠭᠡᠨ ᠠᠳᠠᠯᠢ ᠪᠠᠶᠢᠳᠠᠭ᠃                ︵1 ︶ 6 ᠨᠠᠰᠦ ᠬᠦᠷᠦᠭᠰᠡᠨ ᠬᠡᠦᠬᠡᠳ ᠲᠤ ᠰᠢᠬᠢᠷ ᠰᠢᠮᠡᠭᠦᠯᠵᠦ ᠪᠣᠯᠣᠨ᠎ᠠ᠂ ᠨᠢᠯᠬ᠎ᠠ ᠬᠡᠦᠬᠡᠳ ᠲᠤ ᠬᠡᠷᠡᠭᠯᠡᠬᠦ ᠶᠢ ᠰᠠᠨᠠᠭᠠᠴᠢᠯᠠᠬᠤ ᠦᠭᠡᠢ᠂ ᠤᠴᠢᠷ ᠨᠢ ᠠᠮᠢᠰᠬᠤᠯ ᠪᠦᠭᠯᠡᠷᠡᠵᠦ ᠮᠡᠳᠡᠨ᠎ᠡ᠃                ︵2︶ ᠪᠠᠯ ᠬᠡᠷᠡᠭᠯᠡᠵᠦ ᠪᠣᠯᠣᠨ᠎ᠠ᠂  ᠣᠢ ᠬᠦᠷᠦᠬᠡᠳᠦᠢ ᠬᠡᠦᠬᠡᠳ ᠲᠤ ᠬᠡᠷᠡᠭᠯᠡᠵᠦ ᠪᠣᠯᠬᠤ ᠦᠭᠡᠢ᠂ ᠤᠴᠢᠷ  ᠨᠢ ᠬᠤᠣᠷ ᠲᠠᠢ ᠪᠠᠺᠲ᠋ᠧᠷᠢ ᠪᠠᠶᠢᠵᠤ ᠮᠡᠳᠡᠨ᠎ᠡ᠃ ᠬᠡᠷᠪᠡ ᠵᠥᠭᠡᠢ ᠶᠢᠨ ᠪᠠᠯ ᠪᠠᠶᠢᠬᠤ ᠦᠭᠡᠢ ᠪᠣᠯ ᠪᠠᠭ᠎ᠠ ᠰᠠᠭ᠎ᠠ ᠵᠠᠶᠢᠷᠮᠠᠭ ᠢᠳᠡᠪᠡᠯ ᠪᠠᠰᠠ ᠨᠠᠮᠳᠠᠭᠠᠵᠦ ᠪᠤᠯᠳᠠᠭ᠃                 ︵3︶ ᠤᠰᠤ ᠢᠯᠡᠬᠦᠦ ᠣᠣᠭᠤᠯᠭᠠᠵᠦ ᠪᠠᠶᠢᠬᠤ ᠬᠡᠷᠡᠭᠳᠡᠢ᠃                ᠬᠡᠷᠪᠡ ᠬᠡᠦᠬᠡᠳ ᠤᠳ ᠠᠮᠢᠰᠬᠤᠭ᠎ᠠ ᠴᠢᠬᠤᠯᠳᠠᠬᠤ᠂  ᠴᠡᠭᠡᠵᠢ  ᠪᠢᠳᠡᠬᠦᠷᠡᠬᠦ ᠪᠤᠶᠤ ᠴᠡᠭᠡᠵᠢ ᠡᠪᠡᠳᠬᠦ︔ ᠣᠬᠠᠭ᠎ᠠ ᠠᠯᠳᠠᠬᠤ᠂ ᠨᠤᠶᠢᠷ ᠮᠠᠭᠤ ᠪᠤᠶᠤ ᠠᠮᠠᠷᠬᠠᠨ ᠰᠡᠷᠡᠬᠦ ᠦᠭᠡᠢ᠂ ᠠᠷᠠᠰᠤ ᠨᠢ ᠴᠠᠶᠢᠵᠤ᠂ ᠤᠷᠤᠭᠤᠯ ᠨᠢ ᠬᠦᠬᠡᠷᠡᠵᠦ ᠪᠠᠶᠢᠪᠠᠯ ᠡᠮᠴᠢ ᠳᠤ ᠦᠵᠡᠬᠦᠯᠬᠦ ᠬᠡᠷᠡᠭᠳᠡᠢ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ