ᠬᠠᠯᠠᠭᠤᠷᠠᠪᠠᠯ ᠭᠡᠷ ᠲᠡᠭᠡᠨ ᠰᠠᠭᠤᠵᠤ ᠢᠯᠡᠭᠦᠬᠡᠨ ᠤᠰᠤ ᠤᠤᠭᠤ︕
ᠨᠡᠶᠢᠲᠡᠯᠡᠭᠰᠡᠨ ᠴᠠᠭ᠄
2022/12/12
     ᠬᠡᠷᠪᠡ ᠥᠪᠡᠷᠲᠡᠭᠡᠨ ᠬᠠᠯᠠᠭᠤᠷᠠᠬᠤ ᠪᠤᠶᠤ ᠭᠡᠷ ᠤᠨ ᠬᠥᠮᠦᠰ ᠴᠢᠨᠢ ᠬᠠᠯᠠᠭᠤᠷᠠᠪᠠᠯ ᠰᠠᠨᠠᠭ᠎ᠠ ᠵᠣᠪᠠᠭ᠋ᠤ ᠬᠡᠷᠡᠭ ᠦᠭᠡᠢ᠂ ᠭᠡᠷ ᠲᠡᠭᠡᠨ ᠰᠠᠭᠤᠵᠤ᠂ ᠢᠯᠡᠭᠦᠬᠡᠨ ᠠᠮᠠᠷᠠᠵᠤ᠂ ᠢᠯᠡᠭᠦᠬᠡᠨ ᠤᠰᠤ ᠤᠤᠭᠤᠵᠤ᠂ ᠭᠠᠳᠠᠭᠰᠢ ᠭᠠᠷᠴᠤ ᠡᠮᠴᠢᠯᠡᠭᠦᠯᠬᠦ  ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠠᠯᠳᠠᠪᠤᠷᠢ ᠶᠢᠨ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃           ᠭᠤᠸᠠᠩᠵᠧᠦ ᠬᠤᠲᠠ ᠶᠢᠨ ᠪᠠᠢ ᠶᠦᠨ ᠲᠣᠭᠤᠷᠢᠭ ᠤᠨ 12  ᠰᠠᠷ᠎ᠠ ᠶᠢᠨ 4 ᠤ ᠡᠳᠦᠷ ᠨᠡᠶᠢᠲᠡᠯᠡᠭᠰᠡᠨ ᠬᠢᠵᠢᠭ ᠢ ᠰᠡᠷᠭᠡᠶᠢᠯᠡᠨ  ᠳᠠᠷᠤᠬᠤ ᠬᠠᠮᠢᠶᠠᠲᠠᠢ ᠮᠡᠳᠡᠭᠳᠡᠯ  ᠠᠴᠠ ᠦᠵᠡᠪᠡᠯ᠂ ᠭᠤᠸᠠᠩᠵᠧᠦ ᠶᠢᠨ ᠡᠨᠡ ᠡᠭᠡᠯᠵᠢᠨ  ᠤ ᠬᠢᠵᠢᠭ ᠲᠤ ᠬᠠᠯᠳᠠᠪᠤᠷᠢᠯᠠᠭᠰᠠᠳ ᠤᠨ 90% ᠠᠴᠠ ᠳᠡᠭᠡᠭᠰᠢᠬᠢ  ᠨᠢ ᠡᠪᠡᠳᠴᠢᠨ ᠤ ᠢᠯᠡᠷᠡᠯ ᠥᠬᠡᠶ ᠶᠤᠮ᠂ 10%  ᠰᠢᠬᠠᠮ ᠤᠨ ᠡᠪᠡᠳᠴᠢᠨ ᠤ ᠢᠯᠡᠷᠡᠯ ᠲᠠᠢ ᠬᠢᠵᠢᠭ ᠲᠤ ᠬᠠᠯᠳᠠᠪᠤᠷᠢᠯᠠᠭᠰᠠᠳ ᠤᠨ ᠣᠯᠠᠩᠬᠢ ᠨᠢ ᠳᠡᠭᠡᠳᠦ ᠠᠮᠢᠰᠬᠤᠯ ᠤᠨ ᠵᠠᠮ ᠤᠨ ᠬᠠᠯᠳᠠᠪᠤᠷᠢ ᠶᠢᠨ ᠢᠯᠡᠷᠡᠯ ᠲᠠᠢ ᠪᠠᠶᠢᠯ᠎ᠠ᠂ ᠡᠭᠦᠨ ᠳᠤ ᠬᠠᠯᠠᠭᠤᠷᠠᠬᠤ᠂ ᠬᠠᠭᠤᠷᠠᠶ ᠪᠠᠷ  ᠬᠠᠨᠢᠶᠠᠬᠤ᠂ ᠲᠠᠮᠢᠷᠳᠠᠬᠤ᠂  ᠦᠨᠦᠷᠲᠦᠬᠦ  ᠰᠡᠷᠡᠯ  ᠨᠢ ᠮᠠᠭᠤᠳᠠᠬᠤ ᠪᠤᠶᠤ ᠠᠯᠳᠠᠭᠳᠠᠬᠤ᠂  ᠠᠮᠲᠠᠯᠠᠬᠤ  ᠰᠡᠷᠡᠯ  ᠨᠢ ᠮᠠᠭᠤᠳᠠᠬᠤ  ᠪᠤᠶᠤ ᠠᠯᠳᠠᠭᠳᠠᠬᠤ᠂ ᠬᠠᠮᠠᠷ  ᠪᠥᠭᠯᠡᠷᠡᠵᠦ ᠨᠢᠰᠤ ᠭᠤᠭᠤᠵᠢᠬᠤ᠂ ᠵᠠᠯᠭᠢᠭᠤᠷ ᠬᠤᠭᠤᠯᠠᠢ ᠨᠢ ᠡᠪᠡᠳᠬᠦ᠂ ᠨᠢᠳᠦᠨ ᠤ ᠨᠡᠶᠢᠯᠡᠮᠡᠯ ᠪᠦᠷᠬᠦᠪᠴᠢ ᠶᠢᠨ ᠦᠷᠪᠢᠰᠦᠯ᠂  ᠪᠤᠯᠴᠢᠩ ᠡᠪᠡᠳᠬᠦ᠂ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠪᠠᠭᠲᠠᠨ᠎ᠠ᠃ ᠣᠯᠠᠩᠬᠢ ᠬᠠᠯᠳᠠᠪᠤᠷᠢᠯᠠᠭᠰᠠᠳ 24 ᠴᠠᠭ ᠠᠴᠠ 36 ᠴᠠᠭ ᠤᠨ ᠳᠣᠲᠣᠷ᠎ᠠ ᠡᠪᠡᠳᠴᠢᠨ ᠤ ᠪᠠᠶᠢᠳᠠᠯ ᠨᠢ ᠨᠠᠮᠳᠠᠳᠠᠭ᠃ ᠭᠤᠸᠠᠩᠵᠧᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠵᠠᠩ ᠢ ᠶᠢᠨ  ᠲᠠᠨᠢᠯᠴᠠᠭᠤᠯᠤᠭᠰᠠᠨ ᠢᠶᠠᠷ᠂ ᠡᠨᠡ ᠡᠭᠡᠯᠵᠢᠨ ᠳᠤ ᠳᠣᠲᠣᠭᠠᠳᠤ ᠳᠠᠭᠠᠨ ᠬᠢᠵᠢᠭ ᠲᠤ ᠬᠠᠯᠳᠠᠪᠤᠷᠢᠯᠠᠭᠰᠠᠳ ᠤᠨ 656  ᠨᠢ 80 ᠠᠴᠠ ᠳᠡᠭᠡᠭᠰᠢᠬᠢ ᠨᠠᠰᠤᠨ  ᠤ ᠨᠠᠰᠤᠲᠠᠶᠢᠴᠤᠳ ᠪᠣᠯᠣᠨ᠎ᠠ᠂ ᠡᠭᠦᠨ ᠳᠤ 302 ᠨᠢ  ᠸᠠᠺᠼᠢᠨ ᠲᠠᠷᠢᠭᠤᠯᠤᠭᠰᠠᠨ ᠦᠭᠡᠢ ᠪᠠᠶᠢᠵᠠᠢ᠃       ᠣᠳᠣᠬᠠᠨ ᠳᠤ᠂  ᠪᠥᠬᠦ ᠬᠤᠲᠠ ᠶᠢᠨ 80 ᠠᠴᠠ ᠳᠡᠭᠡᠭᠰᠢᠬᠢ ᠨᠠᠰᠤᠨ ᠤ ᠨᠠᠰᠤᠲᠠᠶᠢᠴᠤᠳ ᠤᠨ ᠸᠠᠺᠼᠢᠨ ᠳᠠᠷᠢᠭᠤᠯᠤᠭᠰᠠᠨ ᠨᠣᠷᠮ᠎ᠠ ᠵᠥᠪᠬᠡᠨ 52.7%   ᠳᠤ ᠯᠡ ᠬᠦᠷᠴᠦ ᠪᠠᠶᠢᠨ᠎ᠠ᠂ ᠡᠨᠡ ᠨᠢ ᠨᠡᠯᠢᠶᠡᠳ ᠣᠯᠠᠨ ᠲᠣᠭᠠᠨ ᠤ ᠨᠠᠰᠤᠲᠠᠶᠢᠴᠤᠳ ᠸᠠᠺᠼᠢᠨ ᠲᠠᠷᠢᠭᠤᠯᠤᠭᠰᠠᠨ ᠦᠭᠡᠢ ᠠᠴᠠ ᠪᠣᠯᠵᠤ ᠲᠡᠳᠡᠨ ᠤ ᠳᠤᠮᠳᠠ ᠸᠠᠺᠼᠢᠨ ᠤ ᠬᠦᠨᠳᠦ ᠡᠪᠡᠳᠴᠢᠯᠡᠬᠦ᠂ ᠨᠠᠰᠤ ᠪᠠᠷᠠᠬᠤ ᠵᠡᠷᠭᠡ ᠡᠷᠡᠰᠳᠡᠯ  ᠠᠴᠠ ᠬᠠᠮᠠᠭᠠᠯᠠᠬᠤ ᠬᠠᠯᠬᠠᠪᠴᠢ ᠪᠦᠷᠢᠯᠳᠦᠭᠡ ᠦᠭᠡᠢ ᠶᠢ ᠬᠠᠷᠠᠭᠤᠯᠤᠭᠰᠠᠨ ᠪᠠᠶᠢᠨ᠎ᠠ᠃       ᠡᠶᠢᠮᠦ  ᠠᠴᠠ ᠨᠠᠰᠤᠲᠠᠶᠢᠴᠤᠳ ᠤᠨ ᠸᠠᠺᠼᠢᠨ  ᠤ ᠲᠠᠷᠢᠯᠭ᠎ᠠ ᠵᠢᠨ‌ᠨᠣᠷᠮ᠎ᠠ ᠶᠢ ᠳᠡᠭᠡᠭᠰᠢᠯᠡᠭᠦᠯᠬᠦ ᠨᠢ ᠮᠠᠰᠢ ᠲᠤᠯᠭᠠᠮ᠎ᠠ ᠱᠠᠭᠠᠷᠳᠠᠭᠳᠠᠵᠤ ᠪᠠᠶᠢᠨ᠎ᠠ ᠭᠡᠵᠡᠢ᠃  ᠭᠤᠸᠠᠩᠵᠧᠦ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠨᠠᠮ ᠤᠨ ᠬᠤᠷᠢᠶᠠᠨ ᠤ ᠱᠦᠵᠢ᠂ ᠰᠣᠨᠢᠨ ᠮᠡᠳᠡᠭᠡᠨ ᠤ ᠥᠭᠦᠯᠡᠭᠴᠢ ᠵᠠᠩ ᠵᠸᠦ ᠪᠢᠨ ᠢᠯᠡᠷᠬᠡᠶᠢᠯᠡᠬᠦ ᠳᠡᠭᠡᠨ᠂ ᠣᠳᠣ ᠶᠢᠨ ᠪᠠᠶᠢᠳᠠᠯ ᠳᠤ᠂ ᠬᠤᠲᠠ ᠶᠢᠨ ᠠᠷᠠᠳ ᠬᠢᠵᠢᠭ  ᠤᠨ ᠲᠦᠭᠰᠢᠭᠦᠷᠢ ᠶᠢᠨ ᠤᠬᠠᠮᠰᠠᠷ ᠵᠶ᠋ᠠᠨ‌‍ᠴᠢᠩᠭᠠᠳᠬᠠᠬᠤ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ  ᠶᠢ  ᠦᠷᠭᠦᠯᠵᠢᠯᠡᠨ ᠰᠠᠶᠢᠨ ᠬᠢᠬᠦ ᠬᠡᠷᠡᠭᠲᠡᠶ᠂ ᠥᠭᠡᠷ᠎ᠡ ᠪᠠᠷ ᠬᠡᠯᠡᠪᠡᠯ᠂ ᠠᠮᠠᠪᠴᠢ ᠵᠡᠬᠦᠬᠦ᠂ ᠭᠠᠷ ᠢᠶᠠᠨ ᠤᠬᠢᠶᠠᠬᠤ᠂ ᠸᠠᠺᠼᠢᠨ ᠳᠠᠷᠢᠭᠤᠯᠬᠤ ᠵᠡᠷᠭᠡ ᠭᠤᠷᠪᠠᠨ ᠠᠵᠢᠯ ᠢ ᠰᠠᠶᠢᠨ‌‍ᠬᠢᠬᠦ ᠬᠡᠷᠡᠭᠲᠡᠢ ᠭᠡᠵᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ