ᠳᠤᠮᠳᠠᠳᠤ ᠤᠯᠤᠰ ᠤᠨ ᠬᠢᠲᠠᠳ ᠡᠮ ᠡᠮᠨᠡᠯᠭᠡ ᠶᠢᠨ ᠴᠢᠨᠠᠭᠰᠢᠲᠠ ᠰᠤᠷᠭᠠᠨ ᠬᠥᠮᠦᠵᠢᠯ ᠤᠨ ᠣᠶᠤᠨ ᠤ ᠬᠥᠮᠥᠷᠭᠡ ᠶᠢᠨ ᠭᠠᠳᠠᠭᠠᠳᠤ ᠳᠠᠬᠢ ᠣᠨᠴᠠ ᠤᠷᠢᠭᠰᠠᠨ | ᠲᠤᠰᠬᠠᠶ ᠮᠡᠷᠭᠡᠵᠢᠯᠲᠡᠨ ᠳ᠋ᠦᠩ ᠶᠠ ᠹᠧᠩ᠄ ︽ᠨᠦᠭᠡᠴᠡᠯᠡᠬᠦ︾ ᠬᠡᠷᠡᠭ ᠥᠬᠡᠶ᠂ ︽ᠪᠡᠯᠡᠳᠬᠡᠬᠦ︾ ᠪᠣᠯ ᠴᠢᠬᠤᠯᠠᠲᠠᠶ ᠶᠤᠮ᠃ ᠦᠷᠭᠦᠯᠵᠢ ᠵᠢᠭᠠᠬᠠᠨ ᠡᠮ | ᠪᠡᠯᠡᠳᠬᠡᠬᠦ ᠨᠢ ᠨᠠᠮᠤᠷ ᠡᠪᠦᠯ ᠤᠨ ᠤᠯᠠᠷᠢᠯ ᠳᠤ ᠴᠢᠬᠤᠯᠠ ᠲᠠᠢ ᠶᠤᠮ᠂ ᠬᠡᠳᠦᠨ ᠡᠳᠦᠷ ᠤᠨ ᠬᠢ ᠶᠢ ᠪᠡᠯᠡᠳᠬᠡᠪᠡᠯ ᠪᠣᠯᠴᠢᠬᠠᠨ᠎ᠠ ᠭᠡᠵᠦ ᠬᠡᠯᠡᠪᠡ᠃ | ᠦᠬᠠᠨ ᠤ ᠲᠦᠩ ᠵᠢᠶ ᠡᠮᠨᠡᠯᠭᠡ ᠶᠢᠨ ᠬᠤᠷᠢᠶᠠᠨ ᠤ ᠠᠮᠢᠰᠬᠤᠯ ᠪᠣᠯᠤᠨ ᠬᠦᠨᠳᠦ ᠲᠦᠭᠰᠢᠭᠦᠷᠢᠲᠡᠶ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ | ᠡᠷᠬᠢᠯᠡᠭᠴᠢ ᠡᠮᠴᠢ ᠯᠢᠦ ᠬᠤᠶ ᠭᠦᠸᠧ ᠫᠷᠤᠹᠧᠰᠰᠤᠷ ᠢᠯᠡᠷᠬᠡᠶᠢᠯᠡᠬᠦ ᠳᠡᠭᠡᠨ᠂ ᠸᠢᠷᠦ᠋ᠰ ᠤᠨᠬᠠᠯᠳᠠᠪᠤᠷᠢᠯᠠᠯ ᠳᠤ ᠴᠢᠭᠯᠡᠭᠦᠯᠦᠨ ᠣᠯᠠᠩᠬᠢ ᠳᠠᠭᠠᠨ ᠡᠪᠡᠳᠴᠢᠨ ᠳᠤᠨᠢ | ᠲᠣᠬᠢᠷᠠᠭᠤᠯᠤᠨ ᠡᠮᠨᠡᠨ ᠵᠠᠰᠠᠬᠤ ᠠᠷᠭ᠎ᠠ ᠶᠢ ᠬᠡᠷᠡᠭᠯᠡᠳᠡᠭ᠂ᠡᠮ ᠤᠨ ᠣᠶᠢᠯᠡᠳᠣᠯ ᠨᠢ ᠭᠤᠤᠯᠳᠠᠭᠤ ᠡᠪᠡᠳᠴᠢᠨ ᠤ ᠢᠯᠡᠷᠡᠯ ᠢ ᠳᠠᠷᠤᠬᠤ ᠪᠣᠯᠤᠨ᠎ᠠ᠃ ᠡᠪᠡᠳᠴᠢᠨ ᠤ | ᠢᠯᠡᠷᠡᠯ ᠭᠠᠷᠤᠭᠰᠠᠨ ᠡᠬᠢᠨ ᠤ ᠬᠤᠭᠤᠴᠠᠭᠠᠨ ᠳᠤ᠂ ᠳᠠᠷᠤᠢ ᠲᠦᠷᠭᠡᠨ ᠡᠪᠡᠳᠴᠢᠨ ᠳᠤᠨᠢ ᠲᠤᠬᠢᠷᠠᠭᠤᠯᠵᠦ ᠡᠮᠨᠡᠨ ᠵᠠᠰᠠᠨ᠎ᠠ᠂ ᠡᠮ ᠪᠡᠯᠡᠳᠬᠡᠬᠦ ᠳᠤ ︽ᠭᠤᠣᠯᠳᠠᠯᠭ᠎ᠠ ᠪᠠᠨ | ᠠᠳᠬᠤᠵᠦ︾᠂ ᠡᠪᠡᠳᠴᠢᠨ ᠳᠤᠨᠢ ᠲᠤᠬᠢᠷᠠᠭᠤᠯᠵᠦ ᠡᠮ ᠪᠡᠯᠡᠳᠬᠡᠨ᠎ᠡ ᠭᠡᠵᠡᠢ᠃ | ᠰᠠᠭᠤᠷᠢ ᠡᠪᠡᠳᠴᠢᠨ ᠤ ᠡᠮ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠪᠠᠯ ᠤᠵᠢᠭ ᠡᠪᠡᠳᠴᠢᠨ᠂ ᠰᠠᠭᠤᠷᠢ ᠡᠪᠡᠳᠴᠢᠨ ᠤ ᠪᠠᠶᠢᠳᠠᠯ | ᠬᠦᠨᠳᠦᠷᠡᠵᠦ ᠮᠡᠳᠡᠨ᠎ᠡ᠂ ᠵᠢᠱᠢᠶᠡᠯᠡᠪᠡᠯ ᠵᠢᠷᠦᠬᠡᠨ ᠡᠪᠡᠳᠴᠢᠨ ᠲᠠᠢ ᠨᠠᠰᠤᠲᠠᠨᠵᠢᠷᠦᠬᠡ ᠪᠠᠵᠠᠯᠠᠵᠤ ᠡᠪᠡᠳᠬᠦ᠂ ᠴᠢᠰᠤᠨ ᠰᠢᠬᠢᠷ ᠢ ᠡᠩ ᠤᠨ ᠦᠶ᠎ᠡ ᠳᠤ ᠰᠠᠶᠢᠨ | ᠬᠢᠵᠠᠭᠠᠷᠯᠠᠵᠤ ᠲᠡᠶᠢᠯᠳᠡᠭ ᠥᠬᠡᠶ ᠨᠠᠰᠤᠲᠠᠨ ᠦᠡᠪᠡᠳᠴᠢᠨ ᠨᠢ ᠤᠯᠠᠮ ᠬᠦᠨᠳᠦᠷᠡᠵᠦ ᠮᠡᠳᠡᠨ᠎ᠡ᠃ ᠡᠶᠢᠮᠦ ᠠᠴᠠ᠂ ᠰᠠᠭᠤᠷᠢ ᠡᠪᠡᠳᠴᠢᠨ ᠲᠠᠢ ᠬᠥᠮᠦᠨ ᠡᠳᠦᠷ ᠪᠦᠷᠢ | ᠵᠠᠪᠠᠯ ᠡᠮ ᠢᠶᠠᠨ ᠵᠢᠮ᠎ᠡ ᠶᠣᠰᠣ ᠲᠠᠢ ᠬᠡᠷᠡᠭᠯᠡᠵᠦ᠂ ᠡᠪᠡᠳᠴᠢᠨ ᠤ ᠪᠠᠶᠢᠳᠠᠯ ᠢᠶᠠᠨ ᠰᠠᠶᠢᠲᠤᠷ ᠬᠢᠵᠠᠭᠠᠷᠯᠠᠵᠤ᠂ ᠬᠡᠷ ᠲᠡᠭᠡᠨ ᠨᠢᠭᠡ ᠰᠠᠷ᠎ᠠ ᠣᠷᠴᠢᠮ ᠤᠨ ᠰᠠᠭᠤᠷᠢ | ᠡᠪᠡᠳᠴᠢᠨ ᠳᠤ ᠬᠡᠷᠡᠭᠯᠡᠬᠦ ᠡᠮ ᠢᠶᠠᠨ ᠪᠡᠯᠡᠳᠭᠡᠬᠦ ᠬᠡᠷᠡᠭᠲᠡᠶ᠃ |