ᠤᠳᠠᠭᠠᠨ ᠴᠢᠨᠠᠷᠲᠠᠶ ᠬᠠᠮᠠᠷ ᠤᠨ ᠦᠷᠪᠢᠰᠦᠯ ᠪᠠ ᠵᠠᠯᠭᠢᠭᠤᠷ ᠬᠤᠭᠤᠯᠠᠢ ᠶᠢᠨ ᠦᠷᠪᠢᠰᠦᠯ ᠲᠠᠢ ᠬᠦᠮᠦᠰ ᠬᠡᠷᠪᠡ ᠣᠮᠢᠺᠷᠣᠨ ᠤ ᠣᠨᠳᠣᠣᠰᠢᠭᠰᠠᠨ ᠬᠡᠯᠪᠡᠷᠢ BF. | 7 ᠳᠤ ᠨᠡᠷᠪᠡᠭᠳᠡᠪᠡᠯ᠂ ᠡᠪᠡᠳᠴᠢᠨ ᠤ ᠢᠯᠡᠷᠡᠯ ᠨᠢ ᠨᠠᠩ ᠬᠦᠨᠳᠦ ᠪᠣᠯᠬᠤ ᠤᠤ︖ | ᠲᠤᠰᠬᠠᠶ ᠮᠡᠷᠭᠡᠵᠢᠯᠲᠡᠨ ᠲᠠᠶᠢᠯᠪᠤᠷᠢᠯᠠᠬᠤ ᠳᠠᠭᠠᠨ᠂ ᠪᠡᠭᠡᠵᠢᠩ ᠤᠨ ᠡᠨᠡ ᠡᠭᠡᠯᠵᠢ ᠶᠢᠨ ᠬᠢᠵᠢᠭ ᠨᠢ ᠭᠤᠣᠯᠳᠠᠭᠤ ᠣᠮᠢᠺᠷᠣᠨ ᠤ ᠣᠨᠳᠣᠣᠰᠢᠭᠰᠠᠨ ᠬᠡᠯᠪᠡᠷᠢ BF. | 7 ᠪᠣᠯᠣᠨ᠎ᠠ᠃ ᠲᠡᠷᠡ ᠨᠢ ᠬᠠᠯᠳᠠᠪᠤᠷᠢᠲᠤ ᠴᠢᠨᠠᠷ᠂ ᠡᠪᠡᠳᠴᠢᠨ ᠡᠭᠦᠰᠭᠡᠬᠦ ᠲᠠᠯ᠎ᠠ ᠪᠠᠷ ᠶᠠᠮᠠᠷ ᠶᠠᠮᠠᠷ ᠣᠨᠴᠠᠯᠢᠭ ᠲᠠᠢ ᠪᠣᠢ︖ ᠡᠩ ᠤᠨ ᠭᠠᠳᠠᠷ ᠰᠠᠯᠠᠭᠠᠨ ᠤ | ᠡᠮᠨᠡᠯᠭᠡ ᠶᠢᠨ ᠠᠮᠠᠪᠴᠢ ᠨᠢ ᠬᠢᠵᠢᠭ ᠢ ᠰᠡᠷᠭᠡᠶᠢᠯᠡᠬᠦ ᠦᠢᠯᠡᠳᠦᠯ ᠲᠠᠢ ᠦᠦ︖ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ 72 ᠴᠠᠭ ᠤᠨ ᠪᠥᠭᠡᠮ ᠬᠦᠴᠢᠯ ᠤᠨ | ᠪᠠᠶᠢᠴᠠᠭᠠᠯᠲᠠ ᠦᠵᠡᠳᠡᠭ ᠪᠠᠶᠢᠭᠰᠠᠨ ᠠᠴᠠ 48 ᠴᠠᠭ ᠤᠨ ᠬᠢ ᠦᠵᠡᠳᠡᠭ ᠪᠣᠯᠣᠭᠰᠠᠨ ᠨᠢ ᠶᠠᠭᠤᠨ ᠤ ᠤᠴᠢᠷ ᠠᠴᠠ ᠪᠣᠶ︖ᠵᠡᠷᠭᠡ ᠬᠤᠲᠠ ᠶᠢᠨ ᠠᠷᠠᠳ ᠤᠨ | ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠪᠡᠭᠡᠵᠢᠩ ᠤᠨ ᠢᠦ ᠠᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ | ᠰᠡᠷᠭᠡᠶᠢᠯᠡᠬᠦ ᠶᠡᠷᠦᠩᠬᠡᠶᠢᠯᠡᠭᠰᠡᠨ ᠰᠠᠯᠠᠭᠠᠨ ᠤ ᠡᠷᠬᠢᠯᠡᠭᠴᠢ ᠡᠮᠴᠢ᠂ ᠰᠢᠶᠤᠤ ᠲᠠᠩ ᠱᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠯᠢ ᠲᠦᠩ | ᠽᠧᠩ ᠢ ᠰᠤᠷᠪᠤᠯᠵᠢᠯᠠᠯ᠎ᠠ᠃ | ᠰᠤᠷᠪᠤᠯᠵᠢᠯᠠᠭᠴᠢ᠄ ᠤᠳᠠᠭᠠᠨ ᠴᠢᠨᠠᠷᠲᠠᠢ ᠬᠠᠮᠠᠷ ᠤᠨ ᠦᠷᠪᠢᠰᠦᠯ᠂ ᠤᠳᠠᠭᠠᠨ ᠴᠢᠨᠠᠷᠲᠠᠢ ᠵᠠᠯᠭᠢᠭᠤᠷ ᠬᠤᠭᠤᠯᠠᠢ ᠵᠢᠨᠦᠷᠪᠢᠰᠦᠯ ᠲᠠᠢ ᠬᠥᠮᠦᠨ ᠣᠮᠢᠺᠷᠣᠨ ᠤ | ᠣᠨᠳᠣᠣᠰᠢᠭᠰᠠᠨ ᠬᠡᠯᠪᠡᠷᠢ BF.7 ᠳᠤ ᠬᠠᠯᠳᠠᠪᠤᠷᠢᠯᠠᠭᠳᠠᠪᠠᠯ᠂ ᠡᠪᠡᠳᠴᠢᠨ ᠤ ᠢᠯᠡᠷᠡᠯ ᠨᠢ ᠨᠡᠩ ᠬᠦᠨᠳᠦ ᠨᠣᠴᠢᠲᠠᠢ ᠪᠣᠯᠬᠤ ᠤᠤ︖ | ᠯᠢ ᠲᠦᠩ ᠽᠧᠩ᠄ ᠤᠳᠠᠭᠠᠨ ᠴᠢᠨᠠᠷᠲᠠᠶ ᠬᠠᠮᠠᠷ ᠤᠨ ᠦᠷᠪᠢᠰᠦᠯ᠂ ᠤᠳᠠᠭᠠᠨ ᠴᠢᠨᠠᠷᠲᠠᠶ ᠵᠠᠯᠭᠢᠭᠤᠷ ᠬᠤᠭᠤᠯᠠᠢ ᠵᠢᠨᠦᠷᠪᠢᠰᠦᠯ ᠨᠢ ᠳᠠᠷᠬᠠᠯᠠᠭ᠎ᠠ | ᠮᠠᠭᠤᠳᠠᠭᠰᠠᠨ ᠳᠤ ᠲᠣᠭᠠᠴᠠᠭᠳᠠᠬᠤ ᠥᠬᠡᠶ᠂ ᠬᠡᠷᠪᠡ ᠬᠦᠨᠳᠦ ᠡᠪᠡᠳᠴᠢᠨ ᠲᠠᠢ ᠪᠢᠰᠢ ᠪᠣᠯ ᠣᠮᠢᠺᠷᠣᠨ ᠤ ᠣᠨᠳᠣᠣᠰᠢᠭᠰᠠᠨ ᠬᠡᠯᠪᠡᠷᠢ BF.7 ᠳᠤ ᠨᠡᠷᠪᠡᠭᠳᠡᠭᠰᠡᠨ ᠤ | ᠳᠠᠷᠠᠭᠠᠬᠢ ᠢᠯᠡᠷᠡᠯ ᠨᠢ ᠪᠤᠰᠤᠳ ᠬᠥᠮᠦᠰ ᠲᠠᠢ ᠳᠡᠮᠡᠢ ᠢᠯᠭᠠᠭ᠎ᠠ ᠥᠬᠡᠶ ᠶᠤᠮ ᠭᠡᠵᠡᠢ᠃ | |