2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠲᠤᠬᠠᠢ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/12/14
     ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢᠨ ᠲᠥᠯᠥᠭᠡ᠂ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ  ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ︿ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠤᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ  ᠮᠡᠳᠡᠭᠳᠡᠯ︾ ︵ᠤᠷᠠᠳ ᠨᠠᠮ ᠠᠯᠪᠠᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠯᠡ ᠪᠠᠷ ᠴᠤᠭᠯᠠᠭᠤᠯᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠡᠯᠰᠡᠬᠦ ᠴᠠᠭ     2022 ᠣᠨ ᠤ 12 ᠰᠠᠷ᠎ᠠ ᠶᠢᠨ 6 ᠠᠴᠠ 8 ᠤ ᠡᠳᠦᠷ ᠪᠣᠯᠲᠠᠯ᠎ᠠ     ᠬᠤᠶᠠᠷ᠂ ᠡᠯᠰᠡᠬᠦ ᠠᠷᠭ᠎ᠠ ᠵᠠᠮ     ᠨᠢᠭᠡ ᠳᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠭᠤᠯᠭ᠎ᠠ ᠶᠢ ᠬᠤᠷᠢᠶᠠᠨ᠎ᠠ᠃ ᠬᠤᠶᠠᠷ ᠲᠤ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠰᠠᠨᠠᠭᠤᠯᠭ᠎ᠠ ᠶᠢ ᠬᠤᠷᠢᠶᠠᠨ᠎ᠠ᠃ ᠭᠤᠷᠪᠠ ᠳᠤ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠵᠥᠪᠯᠡᠯᠭᠡ᠂ ᠰᠠᠨᠠᠭᠤᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠵᠡᠷᠭᠡ ᠠᠷᠭ᠎ᠠ ᠵᠠᠮ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠯ ᠰᠠᠨᠠᠭᠤᠯᠭ᠎ᠠ ᠶᠢ ᠢᠳᠡᠪᠬᠢᠲᠡᠢ ᠳᠤᠷᠠᠳᠬᠤ ᠬᠡᠷᠡᠭᠲᠡᠢ᠃     ᠭᠤᠷᠪᠠ᠂ ᠡᠯᠰᠡᠬᠦ ᠠᠭᠤᠯᠭ᠎ᠠ     ᠰᠤᠷᠭᠠᠨ ᠬᠥᠮᠦᠵᠢᠯ ᠰᠣᠶᠣᠯ ᠪᠣᠯᠪᠠᠰᠤᠷᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠵᠠᠰᠠᠯᠲᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠢᠳᠡᠭᠡᠨ ᠤ ᠠᠮᠤᠷ ᠲᠦᠪᠰᠢᠨ᠂ ᠬᠤᠲᠠ ᠶᠢᠨ ᠬᠠᠮᠢᠶᠠᠷᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠵᠦᠢᠯᠡᠰ ᠤᠳ᠃      ᠳᠥᠷᠪᠡ᠂ ᠡᠯᠰᠡᠬᠦ ᠵᠠᠷᠴᠢᠮ     1. ᠵᠢᠱᠢᠭᠳᠡᠬᠦ ᠲᠥᠷᠥᠯ ᠵᠦᠢᠯ ᠢ ᠡᠩ ᠤᠨ ᠪᠠᠶᠢᠳᠠᠯ ᠳᠤ ᠲᠣᠰ ᠵᠢᠯ ᠳᠤ ᠪᠡᠶᠡᠯᠡᠭᠦᠯᠵᠦ ᠳᠡᠶᠢᠯᠬᠦ᠂ ᠬᠤᠰᠢᠭᠤᠨ ᠤ ᠵᠠᠰᠠᠭ ᠤᠨ ᠣᠷᠳᠣᠨ ᠢᠶᠠᠷ ᠬᠡᠷᠡᠭᠵᠢᠭᠦᠯᠬᠦ ᠭᠤᠣᠯ ᠴᠣᠭᠴᠠ ᠪᠣᠯᠭᠠᠭᠰᠠᠨ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠪᠠ ᠳᠡᠭᠡᠳᠦ ᠱᠠᠲᠤᠨ ᠤ ᠵᠠᠰᠠᠭ ᠤᠨ ᠣᠷᠳᠣᠨ ᠲᠠᠢ ᠬᠠᠮᠵᠢᠯᠴᠠᠨ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠲᠣᠰ ᠱᠠᠲᠤᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠪᠠᠶᠢᠭᠤᠯᠬᠤ ᠶᠢ ᠬᠡᠷᠡᠭᠵᠢᠭᠦᠯᠬᠦ ᠵᠢᠴᠢ ᠢᠵᠢ ᠪᠦᠷᠢᠳᠦᠭᠦᠯᠬᠦ ᠭᠤᠣᠯ ᠴᠣᠭᠴᠠ ᠶᠢᠨ ᠲᠥᠷᠥᠯ ᠵᠦᠢᠯ ᠤᠨ ᠲᠤᠰᠠᠯᠠᠬᠤ ᠲᠥᠷᠥᠯ ᠵᠦᠢᠯ ᠢ ᠡᠩ ᠤᠨ ᠪᠠᠶᠢᠳᠠᠯ ᠳᠤ ᠵᠢᠱᠢᠭᠳᠡᠬᠦ ᠲᠥᠷᠥᠯ ᠵᠦᠢᠯ ᠳᠤ ᠣᠷᠣᠭᠤᠯᠬᠤ ᠦᠭᠡᠢ᠃     2᠂ ᠵᠢᠱᠢᠭᠳᠡᠭᠰᠡᠨ ᠲᠦᠷᠦᠯ ᠵᠦᠢᠯ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ  ᠴᠢᠨᠠᠷᠲᠠᠢ ᠪᠠᠶᠢᠬᠤ ᠶᠢ ᠲᠤᠪᠤᠶᠢᠯᠭᠠᠵᠦ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠵᠦ᠂ ᠳᠤᠲᠠᠭᠤᠳᠠᠯ ᠢ ᠨᠥᠬᠦᠪᠦᠷᠢᠯᠡᠬᠦ᠂  ᠪᠠᠭᠤᠷᠠᠢ ᠵᠦᠢᠯ ᠢ ᠬᠦᠴᠦᠯᠡᠨ ᠨᠥᠬᠦᠪᠦᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠳᠦᠷᠢ ᠲᠥᠷᠬᠦ ᠶᠢᠨ ᠢᠨᠵᠧᠨᠧᠷᠢᠩ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠢ᠃     3᠂ ᠵᠢᠱᠢᠭᠳᠡᠭᠰᠡᠨ ᠲᠦᠷᠦᠯ ᠵᠦᠢᠯ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠠᠢ ᠣᠷᠭᠠᠨᠢᠭ ᠢᠶᠠᠷ ᠵᠣᠯᠭᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ ᠶᠢ ᠴᠢᠬᠤᠯᠠᠴᠢᠯᠠᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠠᠯᠬᠤᠮ ᠳᠠᠷᠠᠭ᠎ᠠ ᠲᠠᠢ ᠪᠠᠷ ᠬᠡᠷᠡᠭᠵᠢᠭᠦᠯᠬᠦ ᠬᠡᠷᠡᠭᠲᠡᠢ᠃     ᠲᠠᠪᠤ᠂ ᠬᠠᠷᠢᠭᠤ ᠲᠤᠰᠬᠠᠬᠤ ᠠᠷᠭ᠎ᠠ ᠮᠠᠶ᠋ᠢᠭ    ︽ᠤᠷᠠᠳ ᠤᠨ ᠡᠮᠦᠨᠡᠲᠦ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠲᠠᠭᠯᠠᠵᠤ᠂ ᠬᠦᠰᠦᠨᠦᠭᠲᠦ ᠳᠤ ᠳᠠᠭᠠᠯᠳᠤᠭᠤᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠤᠨ ᠰᠠᠨᠠᠭᠤᠯᠭ᠎ᠠ ᠶᠢᠨ ᠲᠥᠰᠥᠯ ︵ᠲᠥᠰᠥᠯ ᠳᠤ ᠲᠥᠷᠥᠯ ᠵᠦᠢᠯ ᠤᠨ ᠨᠡᠷᠡᠶᠢᠳᠦᠯ᠂ ᠴᠢᠬᠤᠯᠠ ᠴᠢᠨᠠᠷ᠂ ᠪᠣᠯᠣᠮᠵᠢᠲᠤ ᠴᠢᠨᠠᠷ᠂ ᠬᠡᠷᠡᠭᠵᠢᠭᠦᠯᠬᠦ ᠰᠠᠯᠠᠭ᠎ᠠ ᠮᠥᠴᠢᠷ᠂ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ᠂ ᠪᠦᠲᠦᠭᠡᠨ ᠪᠠᠶᠢᠭᠤᠯᠬᠤ ᠶᠠᠪᠤᠴᠠ᠂ ᠣᠨ ᠤ ᠱᠠᠲᠤ ᠦᠶ᠎ᠡ ᠶᠢᠨ ᠴᠢᠨᠠᠷᠲᠠᠢ ᠬᠠᠷᠠᠯᠲᠠ ᠵᠡᠷᠭᠡ ᠴᠢᠬᠤᠯᠠ ᠪᠦᠬᠦᠢ ᠪᠠᠶᠢᠳᠠᠯ ᠢ ᠲᠣᠳᠣᠷᠬᠠᠶᠢᠯᠠᠵᠤ᠂ ᠲᠣᠳᠣᠷᠬᠠᠢ ᠢᠯᠡᠳᠬᠡᠭᠰᠡᠨ ᠦᠭᠡᠢ᠂ ᠪᠠᠶᠢᠳᠠᠯ ᠲᠣᠳᠣᠷᠬᠠᠢ ᠦᠭᠡᠢ ᠪᠣᠯ ᠬᠦᠴᠦᠨ ᠦᠭᠡᠢ ᠰᠠᠨᠠᠭᠤᠯᠭ᠎ᠠ ᠪᠠᠷ ᠦᠵᠡᠨ᠎ᠡ︶ ᠢ ᠳᠠᠭᠠᠯᠳᠤᠭᠤᠯᠤᠨ᠎ᠠ᠃    1. ᠨᠡᠶᠢᠭᠡᠮ ᠤᠨ ᠡᠯ᠎ᠡ ᠡᠲᠡᠭᠡᠳ ᠤᠨ ᠬᠢᠨ ᠪᠢᠴᠢᠭ ᠤᠨ ᠬᠡᠯᠪᠡᠷᠢ᠂ ᠵᠠᠬᠢᠳᠠᠯ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠳᠤ ᠰᠠᠨᠠᠯ ᠰᠠᠨᠠᠭᠤᠯᠭ᠎ᠠ ᠳᠤᠷᠠᠳᠴᠤ᠂ ᠪᠢᠴᠢᠭ ᠤᠨ ᠬᠡᠯᠪᠡᠷᠢ ᠶᠢᠨ ᠵᠠᠬᠢᠳᠠᠯ ᠢ ᠬᠤᠰᠢᠭᠤᠨ ᠤ ᠵᠠᠰᠠᠭ ᠤᠨ ᠣᠷᠳᠣᠨ ᠤ 524 ᠲᠠᠰᠤᠭ ᠲᠤ  ᠬᠦᠷᠭᠡᠭᠡᠷᠡᠢ ᠃    2. ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠨᠦᠭᠦᠳ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠡᠮᠬᠢᠯᠡᠨ ᠳᠢᠭᠯᠡᠵᠦ᠂ ᠴᠢᠬᠤᠯᠠ ᠴᠢᠨᠠᠷ᠂ ᠪᠣᠯᠣᠮᠵᠢᠲᠤ ᠴᠢᠨᠠᠷ᠂ ᠡᠳ᠋ ᠤᠨ ᠬᠦᠴᠦᠨ ᠤ ᠲᠤᠯᠭᠠᠭᠤᠷᠢᠯᠠᠯ ᠤᠨ ᠴᠢᠨᠠᠷ ᠵᠡᠷᠭᠡ ᠲᠠᠯ᠎ᠠ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ ᠠᠯᠪᠠᠨ ᠲᠠᠮᠠᠭ᠎ᠠ ᠳᠠᠷᠤᠵᠤ ᠬᠤᠰᠢᠭᠤᠨ ᠤ ᠵᠠᠰᠠᠭ ᠤᠨ ᠣᠷᠳᠣᠨ ᠤ 524 ᠲᠠᠰᠤᠭ ᠲᠤ ᠮᠡᠳᠡᠭᠦᠯᠦᠨ  ᠬᠦᠷᠭᠡᠭᠡᠷᠡᠢ᠃     ᠬᠠᠷᠢᠯᠴᠠᠬᠤ ᠬᠥᠮᠥᠨ᠄ ᠴᠧᠩ ᠴᠧᠨ     ᠬᠠᠷᠢᠯᠴᠠᠬᠤ ᠤᠲᠠᠰᠤ᠄ 0478 ︱ 3212353     ᠡᠯᠧᠺᠲᠷᠣᠨ ᠰᠢᠤᠳᠠᠨ ᠬᠠᠶᠢᠷᠴᠠᠭ᠄ chengchen_icon@163.com                                                                                                   ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ                                                       2022 ᠣᠨ ᠤ 12 ᠰᠠᠷ᠎ᠠ ᠶᠢᠨ 6 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ