ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠣᠶᠢᠷ᠎ᠠ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠴᠢᠬᠤᠯᠠ ᠵᠢᠭᠠᠪᠤᠷᠢ ᠥᠭᠴᠦ᠂ ︽ᠳᠤᠮᠳᠠᠳᠤ ᠤᠯᠤᠰ ᠤᠨ | ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ ᠬᠤᠯᠪᠣᠭᠳᠠᠯ ᠪᠦᠬᠦᠢ ᠵᠠᠩᠰᠢᠯ︾ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ | ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠨᠢ ᠳᠤᠮᠳᠠᠳᠤ ᠤᠯᠤᠰ ᠤᠨ ᠴᠠᠢ ᠶᠢᠨ ᠰᠣᠶᠣᠯ ᠢ ᠪᠠᠳᠠᠷᠠᠭᠤᠯᠬᠤ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ᠃ | ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ | ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ | ᠡᠭᠦᠳᠭᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ ᠨᠡᠩ ᠰᠠᠶᠢᠲᠤᠷ ᠳᠡᠯᠡᠬᠡᠢ ᠳᠤ ᠬᠠᠨᠳᠤᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | 11 ᠰᠠᠷ᠎ᠠ ᠶᠢᠨ 29 ᠤ ᠡᠳᠦᠷ᠂ ᠮᠠᠨ ᠤ ᠤᠯᠤᠰ ᠠᠴᠠ ᠭᠤᠶᠤᠴᠢᠯᠠᠨ ᠮᠡᠳᠡᠭᠦᠯᠦᠭᠰᠡᠨ ︽ᠳᠤᠮᠳᠠᠳᠤ ᠤᠯᠤᠰ ᠤᠨ ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ | ᠬᠤᠯᠪᠣᠭᠳᠠᠯ ᠪᠦᠬᠦᠢ ᠵᠠᠩᠰᠢᠯ︾ ᠢ ᠮᠤᠷᠤᠺᠺᠤ ᠶᠢᠨ ᠷᠠᠪᠠᠲ ᠲᠤ ᠬᠤᠷᠠᠯᠳᠤᠭᠤᠯᠤᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠭᠢ | ᠵᠥᠪᠯᠡᠯ ᠤᠨ 17 ᠳ᠋ᠤᠭᠠᠷ ᠬᠤᠭᠤᠴᠠᠭᠠᠨ ᠤ ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠲᠣᠭᠲᠠᠭᠠᠯᠲᠠ ᠬᠢᠵᠦ ᠪᠠᠲᠤᠯᠠᠨ᠂ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠣᠳᠣᠬᠠᠨ ᠳᠤ᠂ ᠮᠠᠨ ᠤ ᠤᠯᠤᠰ ᠤᠨ 43 ᠲᠥᠷᠥᠯ ᠵᠦᠢᠯ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠨᠡᠷᠡᠰ᠂ ᠨᠡᠷᠡᠰ ᠤᠨ ᠳᠡᠪᠲᠡᠷ ᠲᠤ ᠵᠢᠭᠰᠠᠭᠠᠭᠳᠠᠵᠤ ᠳᠡᠯᠡᠬᠡᠢ ᠶᠢᠨ ᠨᠢᠭᠡᠳᠦᠭᠡᠷ ᠲᠤ ᠣᠷᠣᠵᠤ ᠪᠤᠢ᠃ | |