ᠤᠷᠠᠳ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ᠄ ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ  ᠨᠡᠮᠡᠷᠢᠯᠡᠪᠡ
ᠨᠡᠶᠢᠲᠡᠯᠡᠭᠰᠡᠨ ᠴᠠᠭ᠄
2022/12/15
      ᠤᠷᠠᠳ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠨᠢ ᠲᠣᠰ ᠪᠡᠶ᠎ᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠲᠥᠷᠥᠯ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠬᠠᠮᠲᠤ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ  ᠨᠡᠮᠡᠷᠢᠯᠡᠪᠡ᠃      ᠶᠡᠷᠦᠩᠬᠡᠶ ᠱᠦᠵᠢ ᠰᠢ ᠶᠢᠨ ᠫᠢᠩ ᠤᠨ ︽ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠵᠤ᠂ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ︾ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠤᠷᠢᠲᠠᠯ ᠳᠤᠤᠷ᠎ᠠ᠂  ᠲᠣᠰ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠨᠢ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠭᠦᠨᠵᠡᠭᠡᠶ ᠵᠠᠳᠠᠯᠵᠤ᠂ ︽ᠨᠠᠷᠠᠲᠤ ᠲᠥᠷᠥᠯ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠬᠠᠮᠲᠤ ᠶᠢᠨ ᠲᠠᠨᠢᠯᠲᠠ ᠲᠠᠢ ᠪᠣᠯᠵᠣ᠂ ︽ᠨᠠᠷᠠᠲᠤ ᠲᠥᠷᠥᠯ ᠲᠡᠮᠳᠡᠭᠲᠦ ᠶᠢ ᠨᠡᠮᠡᠭᠳᠡᠭᠦᠯᠬᠦ᠂ ᠬᠠᠩᠭᠠᠯᠭ᠎ᠠ ᠶᠢᠨ ᠬᠡᠯᠬᠢᠶ᠎ᠡ ᠳᠤ ᠡᠨᠧᠷᠭᠢ ᠣᠯᠭᠤᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠰᠠᠯᠠᠬᠤ᠂ ᠵᠠᠭᠤᠴᠢᠯᠠᠭᠤᠷ ᠤᠨ ᠳᠠᠮᠵᠢᠭᠤᠯᠭ᠎ᠠ︾ ᠶᠢᠨ ᠵᠠᠭᠪᠤᠷ ᠢᠶᠠᠷ᠂ ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠤᠨ ᠪᠠᠷᠢᠮᠵᠢᠶᠠᠵᠢᠯᠲᠠ᠂ ᠳᠡᠭᠡᠳᠦ ᠲᠡᠰᠵᠢᠯᠳᠡ᠂ ᠲᠥᠷᠥᠯ ᠲᠡᠮᠳᠡᠭᠵᠢᠯᠳᠡ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠣᠰ ᠬᠤᠰᠢᠭᠤᠨ ᠤ ᠥᠷᠭᠡᠨ ᠣᠯᠠᠨ ᠠᠭᠤᠯᠠᠨ ᠲᠣᠰᠬᠤᠨ ᠤ ᠠᠮᠢ ᠠᠬᠤᠶ ᠶᠢᠨ ᠰᠠᠶᠢᠨ ᠲᠥᠷᠥᠯ ᠲᠡᠮᠳᠡᠭ ᠢ ᠭᠦᠨ ᠠᠭᠤᠯᠠ ᠠᠴᠠ ᠭᠠᠷᠭᠠᠵᠤ᠂ ᠥᠪᠥᠷ ᠮᠣᠩᠭᠤᠯ ᠠᠴᠠ ᠭᠠᠷᠭᠠᠵᠤ᠂ ᠨᠠᠩ ᠣᠯᠠᠨ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠵᠤ᠂ ᠲᠤᠬᠠᠶ ᠶᠢᠨ ᠭᠠᠵᠠᠷ ᠤᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭ ᠢ ᠪᠥᠬᠦ ᠤᠯᠤᠰ ᠲᠤ ᠭᠠᠷᠭᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠦᠨ᠎ᠡ᠃      ᠤᠷᠠᠳ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠢᠳᠡᠪᠬᠢᠲᠡᠶ ᠠᠬᠢᠭᠤᠯᠤᠯ ᠳᠤᠤᠷ᠎ᠠ᠂ ᠤᠷᠠᠳ ᠤᠨ ᠡᠮᠦᠨᠡᠲᠦ ᠬᠤᠰᠢᠭᠤᠨ ᠤ ᠲᠥᠷᠥᠯ ᠲᠡᠮᠳᠡᠭ ᠤᠨ ᠪᠠᠶᠢᠭᠤᠯᠤᠯᠲᠠ ᠲᠦᠷᠭᠡᠨ ᠬᠥᠭᠵᠢᠵᠦ᠂ ᠣᠲᠣ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤ ᠨᠢᠭᠡᠨᠲᠡ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠵᠢᠴᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠭᠡᠷᠡᠴᠢᠯᠡᠯ ᠢ ᠣᠯᠤᠭᠰᠠᠨ ᠦᠢᠯᠡᠳᠭᠦᠨ ᠨᠡᠶᠢᠲᠡ 71 ᠪᠠᠶᠢᠵᠤ᠂ 2022 ᠣᠨ ᠳᠤ ᠰᠢᠨ᠎ᠡ ᠪᠠᠷ 8 ᠦᠢᠯᠡᠳᠬᠦᠨ ᠭᠡᠷᠡᠴᠢᠯᠡᠬᠦ ᠪᠠᠷ ᠲᠥᠯᠥᠪᠯᠡᠵᠦ᠂ ᠨᠡᠮᠡᠭᠳᠡᠯ ᠤᠨ ᠬᠤᠷᠳᠤᠴᠠ ᠨᠢ 12 % ᠢᠶᠠᠷ ᠨᠡᠮᠡᠭᠳᠡᠪᠡ᠃ ᠤᠷᠠᠳ ᠤᠨ ᠡᠮᠦᠨᠡᠲᠦ ᠬᠤᠰᠢᠭᠤᠨ ᠤ ᠪᠣᠶ ᠪᠥᠬᠦᠶ ᠪᠣᠬᠢᠷᠲᠤᠯ ᠥᠬᠡᠶ ᠢᠳᠡᠭᠡᠨ ᠤ ᠭᠡᠷᠡᠴᠢᠯᠡᠯ᠂ ᠭᠡᠷᠡᠴᠢᠯᠡᠯ ᠬᠢᠬᠦ ᠪᠠᠷ ᠪᠠᠶᠢᠭ᠎ᠠ ᠠᠵᠤ ᠠᠬᠤᠶᠢᠯᠠᠯ︔ ᠣᠷᠭᠠᠨᠢᠭ ᠢᠳᠡᠭᠡᠨ ᠤ ᠭᠡᠷᠡᠴᠢᠯᠡᠯ᠂ ᠭᠡᠷᠡᠴᠢᠯᠡᠯ ᠬᠢᠬᠦ ᠪᠠᠷ ᠪᠠᠶᠢᠭ᠎ᠠ ᠠᠵᠤ ᠠᠬᠤᠶᠢᠯᠠᠯ︔ ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠳᠤ ᠡᠷᠬᠡ ᠣᠯᠭᠤᠭᠰᠠᠨ ᠠᠵᠤ ᠠᠬᠤᠶᠢᠯᠠᠯ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠡᠷᠬᠡ ᠣᠯᠭᠤᠭᠰᠠᠨ ᠠᠵᠤ ᠠᠬᠤᠶᠢᠯᠠᠯ ᠨᠡᠶᠢᠲᠡ 30 ᠶᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠪᠠ᠃ ᠡᠭᠦᠨ ᠤ ᠬᠠᠮᠲᠤ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠯᠢᠦ ᠹᠧᠨ ᠽᠢ ᠲᠣᠰᠬᠤᠨ ᠤ ᠬᠤᠨᠴᠢᠷ ᠢ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠠᠴᠠ ᠪᠥᠬᠦ ᠤᠯᠤᠰ ᠤᠨ ᠠᠷᠪᠠᠨ ᠬᠤᠶᠠᠳᠤᠭᠠᠷ ᠪᠦᠯᠦᠭ ︽ᠨᠢᠭᠡ ᠲᠣᠰᠬᠤᠨ ᠨᠢᠭᠡ  ᠦᠢᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠮᠠᠭᠠᠳᠯᠠᠨ ᠲᠣᠭᠲᠠᠭᠠᠪᠠ᠃     11 ᠰᠠᠷ᠎ᠠ ᠶᠢᠨ 3 ᠤ ᠡᠳᠦᠷ ᠪᠡᠭᠡᠵᠢᠩ ᠳᠤ ᠶᠠᠪᠤᠭᠳᠠᠭᠰᠠᠨ ︽ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠡᠬᠢᠯᠡᠯᠲᠡ ᠶᠢᠨ ᠬᠤᠷᠠᠯ ᠳᠡᠭᠡᠷ᠎ᠡ ᠨᠡᠶᠢᠲᠡᠯᠡᠭᠰᠡᠨ ᠨᠢᠭᠡᠳᠦᠭᠡᠷ ᠪᠦᠯᠦᠭ ᠤᠨ 122 ︽ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠳᠣᠲᠣᠷ᠎ᠠ᠂ ᠤᠷᠠᠳ ᠤᠨ ᠡᠮᠦᠨᠡᠲᠦ ᠬᠤᠰᠢᠭᠤ ᠠᠮᠵᠢᠯᠲᠠ ᠲᠠᠢ ᠰᠣᠩᠭᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠵᠢᠯᠲᠠ ᠲᠠᠢ ᠰᠣᠩᠭᠤᠭᠳᠠᠭᠰᠠᠨ ᠭᠤᠷᠪᠠᠨ ᠬᠤᠰᠢᠭᠤ ᠰᠢᠶᠠᠨ ᠤ ᠨᠢᠭᠡ ᠪᠣᠯᠵᠠᠶ᠃     ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠨᠢ ᠨᠠᠷᠠᠲᠤ ᠲᠡᠮᠳᠡᠭᠲᠦ ᠶᠢᠨ ᠠᠵᠢᠯ ᠤᠨ ᠰᠤᠳᠤᠯᠭᠠᠨ ᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ  ᠪᠠᠷ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ