ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠠᠰᠠᠮᠠᠯ ᠵᠠᠮ ᠤᠨ ᠴᠠᠭᠳᠠᠨ | ᠲᠣᠭᠤᠷᠢᠬᠤ ᠳᠥᠷᠪᠡᠳᠦᠭᠡᠷ ᠳᠤᠮᠳᠠ ᠠᠩᠭᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠲᠤ ᠬᠦᠨᠵᠡᠭᠡᠶᠢᠷᠡᠨ᠂ ︽ | ᠨᠢᠭᠡ ᠳᠤᠭᠤᠯᠠᠭ᠎ᠠ ᠨᠢᠭᠡ ᠠᠶᠣᠯᠬᠦᠢ ᠪᠦᠰᠡ︾ ᠶᠢᠨ ᠭᠤᠤᠯ ᠰᠡᠳᠦᠪᠲᠦ ᠤᠬᠠᠭᠤᠯᠭ᠎ᠠ ᠲᠠᠢ ᠤᠶᠠᠯᠳᠤᠭᠤᠯᠤᠨ᠂ ᠥᠷᠭᠡᠨ ᠣᠯᠠᠨ ᠵᠠᠮ ᠬᠠᠷᠢᠯᠴᠠᠭᠠᠨ ᠤ | ᠣᠷᠣᠯᠴᠠᠭᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ᠂ ᠪᠣᠯᠪᠠᠰᠤᠨ ᠢᠶᠠᠷ ᠶᠠᠪᠤᠵᠤ ᠰᠠᠭᠤᠬᠤ ᠣᠶᠢᠯᠠᠭᠠᠭᠳᠠᠬᠤᠨ ᠢ | ᠤᠯᠠᠮᠵᠢᠯᠠᠪᠠ᠃ | ᠠᠵᠢᠯᠯᠠᠭᠠᠨ ᠳᠤ᠂ ᠠᠷᠠᠳ ᠤᠨ ᠴᠠᠭᠳᠠᠭ᠎ᠠ ᠠᠴᠠ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ | ᠤᠬᠠᠭᠤᠯᠭ᠎ᠠ ᠶᠢᠨ ᠵᠠᠷᠯᠠᠯ ᠨᠠᠭᠠᠬᠤ ᠶᠢᠨ ᠬᠠᠮᠲᠣ᠂ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠣᠨᠣᠬᠤ ᠳᠠᠭᠠᠨ ᠳᠤᠭᠤᠯᠠᠭ᠎ᠠ ᠵᠡᠬᠦᠭᠰᠡᠨ | ᠦᠬᠡᠢ᠂ ᠠᠮᠤᠷ ᠲᠦᠪᠰᠢᠨ ᠤ ᠪᠦᠰᠡ ᠪᠠᠨ ᠪᠦᠰᠡᠯᠡᠭᠰᠡᠨ ᠥᠬᠡᠶ᠂ ᠭᠠᠷ ᠤᠲᠠᠰᠤ ᠳᠤᠰᠤᠭᠰᠠᠨ᠂ ᠶᠠᠳᠠᠷᠠᠭ᠎ᠠ ᠲᠠᠢ ᠵᠢᠯᠣᠭᠤᠳᠤᠭᠰᠠᠨ᠂ ᠬᠥᠮᠦᠨ ᠤ ᠲᠤᠭ᠎ᠠ | ᠬᠡᠲᠦᠷᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯ ᠢ ᠲᠠᠶᠢᠯᠪᠣᠷᠢᠯᠠᠨ ᠶᠠᠷᠢᠵᠦ ᠦᠭᠭᠦᠭᠰᠡᠨ ᠪᠠᠶᠢᠨ᠎ᠠ᠃ | | ᠲᠣᠰ ᠣᠳᠠᠭᠠᠨ ᠤ ︽ᠨᠢᠭᠡ ᠳᠤᠭᠤᠯᠠᠭ᠎ᠠ ᠨᠢᠭᠡ ᠠᠶᠣᠯᠬᠦᠢ ᠪᠦᠰᠡ︾ ᠶᠢᠨ ᠤᠬᠠᠭᠤᠯᠭ᠎ᠠ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠮᠡᠳᠡᠯᠭᠡ ᠶᠢ ᠣᠯᠠᠮ ᠨᠢᠭᠡ ᠠᠯᠬᠤᠮ ᠤᠬᠠᠭᠤᠯᠵᠤ᠂ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠶᠢ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ | ᠲᠡᠷᠭᠡ᠂ ᠮᠣᠲ᠋ᠣᠷ ᠣᠨᠣᠬᠤ ᠳᠠᠭᠠᠨ ᠠᠮᠤᠷ ᠲᠦᠪᠰᠢᠨ ᠢᠶᠠᠷ ᠵᠢᠯᠣᠭᠤᠳᠬᠤ᠂ ᠪᠣᠯᠪᠠᠰᠤᠨ ᠢᠶᠠᠷ ᠭᠠᠳᠠᠭᠰᠢ ᠭᠠᠷᠬᠤ ᠶᠢ ᠰᠠᠨᠠᠭᠠᠴᠢᠯᠠᠪᠠ᠃ |