ᠸᠠᠩ ᠵᠢᠶᠦ᠋ᠨ ᠵᠢᠶᠧ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/15
      12 ᠰᠠᠷ᠎ᠠ ᠶᠢᠨ 9 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ 2022 ᠣᠨ ᠤ ᠠᠷᠪᠠᠨ ᠨᠢᠭᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

旗新闻.jpg

      ᠸᠠᠩ ᠵᠢᠶᠦ᠋ᠨ ᠵᠢᠶᠧ ᠪᠣᠯᠣᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ

ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ᠂ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠᠨ ᠶᠦᠩ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ

ᠳᠡᠳ᠋ ᠲᠡᠷᠢᠭᠦᠯᠡᠭᠴᠢ ᠵᠠᠩ ᠶᠤᠸᠠᠢ ᠶᠢᠩ ᠵᠢᠴᠢ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠨ ᠬᠤᠷᠠᠯ ᠳᠤ ᠰᠤᠯᠠ ᠣᠷᠣᠯᠴᠠᠵᠠᠢ᠃

      ᠬᠤᠷᠠᠯ ᠠᠴᠠ ᠡᠩ ᠲᠡᠷᠢᠭᠦᠨ ᠳᠤ 12 ᠰᠠᠷ᠎ᠠ ᠶᠢᠨ 6 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠵᠢᠭᠠᠵᠤ

ᠭᠠᠷᠭᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ

ᠡᠬᠢᠯᠡᠯᠲᠡ ᠶᠢᠨ ᠵᠢᠯ ᠮᠥᠨ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠡᠯ᠎ᠡ ᠭᠠᠵᠠᠷ ᠣᠷᠣᠨ ᠡᠯ᠎ᠡ

ᠰᠠᠯᠠᠭ᠎ᠠ ᠮᠥᠴᠢᠷ ᠤᠨ ᠬᠢᠨ ᠢᠷᠡᠬᠦ ᠵᠢᠯ ᠤᠨ ᠠᠵᠤ ᠠᠬᠤᠢ ᠶᠢᠨ ᠠᠵᠢᠯ ᠢᠶᠠᠨ ᠨᠠᠷᠢᠨ ᠬᠢᠨᠠᠮᠠᠭᠠᠢ ᠲᠥᠯᠥᠪᠯᠡᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ

ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠬᠤ  ᠶᠢ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ  ᠲᠠᠢ ᠤᠶᠠᠯᠳᠤᠭᠤᠯᠵᠤ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ

ᠤᠳᠤᠷᠢᠳᠤᠯᠭ᠎ᠠ ᠶᠢ ᠴᠢᠩᠭᠠᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ

ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠦᠨᠡᠨᠬᠦ

ᠠᠳᠬᠤᠨ ᠪᠣᠳᠠᠲᠠᠢ ᠠᠵᠢᠯᠯᠠᠵᠤ᠂ ᠡᠬᠢᠯᠡᠯᠲᠡ ᠶᠢᠨ ᠵᠢᠯ ᠳᠤ ᠰᠢᠨ᠎ᠡ ᠳᠦᠷᠰᠦ ᠪᠠᠶᠢᠳᠠᠯ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ

ᠭᠡᠪᠡ᠃

      ᠬᠤᠷᠠᠯ ᠠᠴᠠ ︽ᠤᠷᠠᠳ ᠤᠨ ᠡᠮᠦᠨᠡᠲᠦ ᠬᠤᠰᠢᠭᠤᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ

ᠱᠠᠯᠠᠪᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ ︵ᠶᠠᠷᠢᠯᠴᠠᠬᠤ ᠨᠣᠣᠷᠠᠭ︶︾ ᠢ

ᠰᠤᠳᠤᠯᠤᠨ ᠬᠢᠨᠠᠨ ᠵᠥᠪᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ︵ᠶᠠᠷᠢᠯᠴᠠᠬᠤ ᠨᠣᠣᠷᠠᠭ︶ ᠤᠨ ᠠᠷᠭ᠎ᠠ ᠬᠡᠮᠵᠢᠶ᠎ᠡ ᠨᠢ ᠬᠦᠴᠦᠲᠡᠢ᠂ ᠴᠠᠭ ᠤᠨ ᠬᠢᠵᠠᠭᠠᠷ ᠨᠢ

ᠲᠣᠳᠣᠷᠬᠠᠢ᠂ ᠬᠠᠷᠢᠭᠤᠴᠠᠯᠭ᠎ᠠ ᠨᠢ ᠲᠣᠳᠣᠷᠬᠠᠢ ᠪᠠᠶᠢᠵᠤ᠂ ᠠᠭᠠᠷ ᠮᠠᠨᠳᠠᠯ᠂ ᠤᠰᠤᠨ ᠴᠣᠭᠴᠠ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ

ᠨᠢᠭᠡ ᠴᠣᠭᠴᠠᠵᠢᠭᠤᠯᠤᠨ ᠠᠬᠢᠭᠤᠯᠵᠤ᠂ ᠪᠦᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠨᠡᠯᠢᠶᠡᠳ ᠴᠢᠩᠭ᠎ᠠ ᠵᠢᠯᠤᠭᠤᠳᠬᠤ ᠴᠢᠨᠠᠷ ᠲᠠᠢ ᠪᠦᠭᠡᠳ ᠪᠣᠯᠣᠮᠵᠢᠲᠤ ᠴᠢᠨᠠᠷ ᠲᠠᠢ ᠭᠡᠵᠦ ᠵᠢᠭᠠᠵᠤ ᠭᠠᠷᠭᠠᠪᠠ᠃ ᠡᠯ᠎ᠡ

ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠦᠯᠢᠶᠡᠵᠦ ᠳᠡᠶᠢᠯᠬᠦ ᠦᠭᠡᠢ᠂ ᠤᠳᠠᠭᠠᠨ

ᠪᠠᠶᠢᠵᠤ ᠳᠡᠶᠢᠯᠬᠦ ᠦᠭᠡᠢ᠂ ᠰᠠᠭᠤᠵᠤ ᠳᠡᠶᠢᠯᠬᠦ ᠦᠭᠡᠢ ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ︽ᠴᠡᠭᠴᠡᠯᠡᠨ

ᠰᠠᠶᠢᠵᠢᠷᠠᠭᠤᠯᠬᠤ ᠲᠥᠰᠥᠯ︾ ᠢ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ

ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠬᠤ ᠶᠢ

ᠦᠨᠡᠨᠬᠦ ᠪᠠᠲᠤᠯᠠᠬᠤ ᠬᠡᠷᠡᠭᠲᠡᠢ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠭᠰᠡᠨ

ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠪᠠ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠵᠡᠷᠭᠡᠪᠡᠷ

ᠴᠢᠩᠭ᠎ᠠ ᠠᠳᠬᠤᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ᠂ ᠠᠰᠠᠭᠤᠳᠠᠯ ᠢ

ᠴᠡᠭᠴᠡᠯᠡᠨ ᠰᠠᠶᠢᠵᠢᠷᠠᠭᠤᠯᠬᠤ ᠪᠠ ᠬᠡᠷᠡᠭ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ

ᠳ᠋ᠤᠭᠠᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃  ᠬᠠᠷᠢᠯᠴᠠᠨ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ

ᠪᠣᠳᠠᠲᠠᠶᠢᠵᠢᠭᠤᠯᠵᠤ᠂ ᠬᠠᠷᠢᠭᠤ ᠲᠤᠰᠬᠠᠭᠰᠠᠨ ᠪᠣᠶ ᠪᠦᠬᠦᠢ ᠠᠰᠠᠭᠤᠳᠠᠯ ᠢ ᠵᠦᠢᠯ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠠᠮᠢ

ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠬᠦᠴᠦᠲᠡᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ

ᠰᠢᠰᠲ᠋ᠧᠮ ᠢ ᠨᠠᠩ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ  ᠭᠡᠪᠡ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ