ᠢᠳᠡᠬᠦ ᠪᠠᠨ ᠪᠣᠯᠢᠭᠠᠴᠢ︕ ᠡᠨᠡ ᠲᠥᠷᠥᠯ ᠤᠨ ᠢᠳᠡᠭᠡᠨ ᠢ ᠪᠣᠷᠣᠯᠠᠭᠤᠯᠬᠤ ᠶᠢ ᠬᠤᠷᠢᠪᠠ︕
ᠨᠡᠶᠢᠲᠡᠯᠡᠭᠰᠡᠨ ᠴᠠᠭ᠄
2022/12/19
     ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ 13 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠮᠡᠳᠡᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠬᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠬᠠᠮᠲᠤᠷᠠᠨ ︽ᠠᠯᠲᠠ ᠮᠦᠩᠭᠦᠨ ᠢᠯᠲᠠᠰᠤᠳᠤ ᠢᠳᠡᠭᠡᠨ ᠪᠤᠷᠤᠯᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠲᠣᠭᠲᠠᠭᠠᠯ︾ ᠢ ᠨᠡᠶᠢᠲᠡᠯᠡᠪᠡ᠃ ᠡᠭᠦᠨ ᠳᠤ᠂ ᠠᠯᠲᠠ ᠮᠥᠩᠭᠦᠨ ᠢᠯᠲᠠᠰᠤ ᠶᠢᠨ ᠨᠤᠨᠲᠠᠭ ᠢ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ᠂ ᠢᠳᠡᠭᠡᠨ ᠤ ᠨᠡᠮᠡᠯᠲᠡ ᠡᠳ᠋ ᠬᠡᠷᠡᠭᠯᠡᠬᠦ ᠪᠠᠷᠢᠮᠵᠢᠶ᠎ᠠ︾ ︵GB 27602014︶ ᠳᠤ ᠣᠷᠣᠭᠤᠯᠤᠭᠰᠠᠨ ᠥᠬᠡᠶ᠂ ᠢᠳᠡᠭᠡᠨ ᠤ ᠨᠡᠮᠡᠯᠲᠡ ᠡᠳ᠋ ᠲᠤ ᠬᠠᠷᠢᠶᠠᠯᠠᠭᠳᠠᠬᠤ ᠥᠬᠡᠶ᠂ ᠢᠳᠡᠭᠡᠨ ᠤ ᠲᠦᠭᠦᠬᠡᠶ ᠡᠳ᠋ ᠪᠢᠰᠢ᠂ ᠢᠳᠡᠭᠡᠨ ᠤ ᠦᠢᠯᠡᠳᠪᠤᠷᠢᠯᠡᠯ ᠡᠵᠡᠩᠨᠡᠯᠲᠡ ᠳᠤ ᠬᠡᠷᠡᠭᠯᠡᠵᠦ ᠪᠣᠯᠬᠤ ᠥᠬᠡᠶ ᠭᠡᠵᠦ ᠲᠤᠲᠤᠷᠬᠠᠶᠢᠯᠠᠵᠠᠢ᠃ ᠲᠣᠭᠲᠠᠭᠠᠯ ᠳᠤ ᠱᠠᠭᠠᠷᠳᠠᠭᠰᠠᠨ ᠨᠢ᠂ ᠢᠳᠡᠭᠡᠨ ᠦᠢᠯᠡᠳᠪᠤᠷᠢᠯᠡᠭᠴᠢᠳ ᠢᠳᠡᠭᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠵᠢᠴᠢ ᠪᠠᠷᠢᠮᠵᠢᠶ᠎ᠠ ᠶᠣᠰᠣᠭᠠᠷ ᠢᠳᠡᠭᠡᠨ ᠦᠢᠯᠡᠳᠪᠤᠷᠢᠯᠡᠵᠦ ᠡᠳ᠋ᠰᠢᠬᠦᠯᠬᠦ ᠬᠡᠷᠡᠭᠲᠡᠶ᠂ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠬᠤᠳᠠᠯᠳᠤᠨ ᠠᠪᠬᠤ ᠶᠢ ᠬᠢᠵᠠᠭᠠᠷᠯᠠᠬᠤ ᠪᠠᠨ ᠴᠢᠩᠭᠠᠳᠬᠠᠬᠤ ᠬᠡᠷᠡᠭᠲᠡᠶ᠂ ᠠᠯᠲᠠ ᠮᠥᠩᠭᠦᠨ ᠢᠯᠲᠠᠰᠤ ᠶᠢᠨ ᠨᠤᠨᠲᠠᠭ ᠢ ᠬᠤᠳᠠᠯᠳᠤᠨ ᠠᠪᠴᠤ ᠬᠡᠷᠡᠭᠯᠡᠨ ᠢᠳᠡᠭᠡᠨ ᠡᠳ᠋ᠰᠢᠬᠦᠯᠵᠦ ᠪᠣᠯᠬᠤ ᠥᠬᠡᠶ᠃ ᠢᠳᠡᠭᠡᠨ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠤᠭᠴᠢ ᠪᠠᠷᠠᠭ᠎ᠠ ᠣᠷᠣᠭᠤᠯᠬᠤ ᠰᠢᠯᠭᠠᠯᠲᠠ ᠪᠠᠨ ᠴᠢᠩᠭᠠᠳᠬᠠᠵᠤ᠂ ᠠᠯᠲᠠ ᠮᠥᠩᠭᠦᠨ ᠢᠯᠲᠠᠰᠤ ᠠᠭᠤᠯᠤᠭᠰᠠᠨ ᠢᠳᠡᠭᠡᠨ ᠵᠢᠴᠢ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠣᠷᠣᠯᠠᠭᠤᠯᠵᠤ ᠪᠣᠯᠬᠤ ᠦᠭᠡᠶ᠃ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠭᠴᠢᠳ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠦᠢᠯᠡᠳᠬᠦ ᠬᠠᠮᠢᠶᠠᠷᠤᠯᠲᠠ ᠪᠠᠨ ᠴᠢᠩᠭᠠᠳᠬᠠᠵᠤ᠂ ᠠᠯᠲᠠ ᠮᠥᠩᠭᠦᠨ ᠢᠯᠲᠠᠰᠤ ᠠᠭᠤᠯᠤᠭᠰᠠᠨ ᠢᠳᠡᠭᠡᠨ ᠦᠢᠯᠡᠳᠴᠦ᠂ ᠬᠤᠳᠠᠯᠳᠤᠵᠤ ᠪᠣᠯᠬᠤ ᠦᠭᠡᠶ᠃ ᠡᠭᠦᠨ ᠠᠴᠠ ᠭᠠᠳᠠᠨ᠎ᠠ᠂ ᠢᠳᠡᠭᠡᠨ ᠢ ᠭᠠᠳᠠᠭᠠᠳᠤ ᠠᠴᠠ ᠣᠷᠣᠭᠤᠯᠬᠤ ᠬᠤᠳᠠᠯᠳᠤᠭᠠᠴᠢᠨ ᠬᠠᠤᠯᠢ ᠶᠣᠰᠣᠭᠠᠷ ᠢᠳᠡᠭᠡᠨ ᠢ ᠭᠠᠳᠠᠭᠠᠳᠤ ᠠᠴᠠ ᠣᠷᠣᠭᠤᠯᠬᠤ ᠬᠡᠷᠡᠭᠲᠡᠢ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠨᠢ ᠮᠠᠨ ᠤ ᠤᠯᠤᠰ ᠤᠨ ᠢᠳᠡᠭᠡᠨ ᠤ ᠠᠶᠤᠯᠭᠦᠢ ᠶᠢᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠠᠯᠲᠠ ᠮᠥᠩᠭᠦᠨ ᠢᠯᠲᠠᠰᠤ ᠠᠭᠤᠯᠤᠭᠰᠠᠨ ᠢᠳᠡᠭᠡᠨ ᠪᠠ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠠᠯᠲᠠ ᠮᠥᠩᠭᠦᠨ ᠢᠯᠲᠠᠰᠤ ᠶᠢ ᠭᠠᠳᠠᠭᠠᠳᠤ ᠠᠴᠠ ᠣᠷᠣᠭᠤᠯᠵᠤ ᠪᠣᠯᠬᠤ ᠦᠭᠡᠢ ᠭᠡᠵᠡᠢ᠃ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ