ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠨ ᠪᠤᠰᠤᠳ ᠬᠥᠮᠦᠨ ᠳᠤ ᠵᠢᠭᠡᠯᠡᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2022/12/19
    ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯ ᠮᠠᠨ ᠤ ᠤᠯᠤᠰ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠰᠠᠭᠤᠷᠢ ᠮᠥᠨ᠂ ᠡᠮ ᠡᠮᠨᠡᠯᠭᠡ ᠶᠢᠨ ᠦᠢᠯᠡᠰ ᠤᠨ ︽ᠠᠮᠢᠨ ᠰᠤᠳᠠᠰᠤ︾᠂ ᠠᠷᠠᠳ ᠣᠯᠠᠨ ᠤ ︽ᠠᠮᠢ ᠠᠪᠤᠷᠠᠬᠤ ᠵᠣᠭᠤᠰ︾ ᠬᠡᠮᠡᠭᠲᠡᠲᠡᠭ᠃ ᠭᠡᠪᠡᠴᠦ ᠵᠠᠷᠢᠮ ᠨᠢᠭᠡᠴᠡ ᠪᠣᠯᠤᠨ ᠬᠤᠪᠢ ᠬᠥᠮᠦᠨ ᠬᠠᠷᠢᠨ ᠳᠦᠷᠢᠮ ᠲᠣᠭᠲᠠᠭᠠᠯ ᠤᠨ ᠲᠤᠳᠠᠭᠤᠳᠠᠯ ᠢ ᠠᠰᠢᠭᠯᠠᠨ᠂ ᠳᠡᠭᠡᠷ᠎ᠡ ᠳᠣᠣᠷ᠎ᠠ ᠬᠤᠭᠤᠷᠣᠨᠳᠣ ᠪᠠᠨ ᠰᠥᠯᠪᠡᠭᠡᠯᠳᠦᠵᠦ᠂ ᠤᠯᠤᠰ ᠤᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢ ᠶᠡᠭᠡ ᠪᠠᠷ ᠮᠡᠬᠡᠯᠡᠨ ᠠᠪᠴᠤ᠂ ᠤᠯᠤᠰ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠬᠦᠨᠳᠦ ᠨᠣᠴᠢᠲᠠᠶ ᠬᠤᠬᠢᠷᠠᠭᠤᠯᠤᠨ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠵᠤ ᠪᠠᠶᠢᠨ᠎ᠠ᠃ ︹ ᠬᠡᠷᠡᠭ ᠤᠨ ᠵᠢᠱᠢᠶ᠎ᠡ ᠨᠢᠭᠡ ︺᠄ ᠪᠤᠰᠤᠳ ᠤᠨ ᠡᠮᠨᠡᠯᠭᠡ ᠶᠢᠨ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠵᠦ᠂ ᠶᠡᠭᠡ ᠬᠡᠮᠵᠢᠶ᠎ᠡ ᠤ ᠡᠮ ᠠᠪᠤᠪᠠ ᠯᠢ ᠣᠪᠣᠭᠲᠤ ᠬᠢᠭᠡᠳ ᠯᠢ × × ᠪᠣᠯ ᠡᠴᠢᠭᠡ ᠬᠦᠦ ᠶᠢᠨ ᠬᠠᠷᠢᠴᠠᠭ᠎ᠠ ᠲᠠᠢ᠂ 2016 ᠣᠨ ᠠᠴᠠ 2018 ᠣᠨ ᠪᠣᠯᠲᠠᠯ᠎ᠠ᠂ ᠬᠤᠶᠠᠭᠤᠯᠠ ᠴᠧᠩ ᠣᠪᠣᠭᠲᠤ ᠵᠡᠷᠭᠡ ᠬᠥᠮᠦᠰ ᠤᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠴᠤᠭᠯᠠᠭᠤᠯᠵᠤ᠂ ᠡᠮᠨᠡᠯᠭᠡ ᠳᠤ ᠣᠴᠢᠵᠤ ᠨᠡᠷ᠎ᠡ ᠪᠤᠷᠤᠭᠤᠯᠠᠨ ᠡᠮᠨᠡᠭᠦᠯᠦᠭᠡᠳ ᠶᠡᠭᠡ ᠬᠡᠮᠵᠢᠶᠡᠨ ᠤ ᠵᠣᠷ ᠤᠨ ᠡᠮ ᠢ ᠬᠤᠳᠠᠯ ᠢᠶᠠᠷ ᠭᠠᠷᠭᠠᠨ ᠠᠪᠤᠭᠰᠠᠨ ᠤ ᠳᠠᠷᠠᠭ᠎ᠠ ᠦᠨ᠎ᠡ ᠨᠡᠮᠡᠵᠦ ᠭᠠᠳᠠᠭᠰᠢ ᠬᠤᠳᠠᠯᠳᠤᠭᠠᠳ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 103 ᠲᠦᠮᠡ ᠭᠠᠷᠤᠶ ᠲᠥᠭᠦᠷᠢᠭ ᠮᠡᠬᠡᠯᠡᠨ ᠠᠪᠤᠪᠠ᠃     ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ᠂ ᠲᠤᠰ ᠬᠤᠶᠠᠷ ᠬᠦᠮᠦᠨ ᠪᠣᠳᠠᠲᠤ ᠶᠠᠪᠤᠳᠠᠯ ᠢ ᠬᠤᠳᠠᠯ ᠢᠶᠠᠷ ᠵᠣᠬᠢᠶᠠᠨ᠂ ᠦᠨᠡᠨ ᠪᠠᠶᠢᠳᠠᠯ ᠢ ᠨᠢᠭᠤᠨ ᠳᠠᠯᠳᠠᠯᠠᠵᠤ᠂ ᠤᠯᠤᠰ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠲᠤᠭ᠎ᠠ ᠬᠡᠮᠵᠢᠶ᠎ᠡ ᠨᠢ ᠣᠨᠴᠠᠭᠠᠢ ᠯᠤᠲᠤ ᠶᠡᠭᠡ ᠤᠴᠢᠷ ᠠᠴᠠ᠂ ᠲᠡᠭᠦᠨ ᠤ ᠦᠢᠯᠡ ᠠᠵᠢᠯᠯᠠᠭ᠎ᠠ ᠨᠢ ᠮᠡᠬᠡᠯᠡᠭᠰᠡᠨ ᠶᠠᠯ᠎ᠠ ᠪᠤᠯᠵᠤ ᠪᠦᠷᠢᠯᠳᠦᠵᠦ᠂ ᠬᠠᠤᠯᠢ ᠶᠣᠰᠣᠭᠠᠷ ᠰᠢᠳᠬᠡᠬᠦ ᠬᠡᠷᠡᠭᠲᠡᠶ ᠭᠡᠵᠦ ᠦᠵᠡᠪᠡ᠃ ᠯᠢ ᠣᠪᠣᠭᠲᠤ ᠶᠢ 11 ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠯᠢ × × ᠢ ᠶᠢᠰᠦᠨ ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠪᠡ᠃ ︹ ᠬᠡᠷᠡᠭ ᠤᠨ ᠵᠢᠱᠢᠶ᠎ᠡ ᠬᠤᠶᠠᠷ ︺ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠶᠡᠭᠡ ᠬᠡᠮᠵᠢᠶ᠎ᠡ ᠪᠠᠷ ᠴᠤᠭᠯᠠᠭᠤᠯᠵᠤ᠂ ᠪᠤᠰᠤᠳ ᠬᠥᠮᠦᠨ ᠤ ᠮᠡᠬᠡᠯᠡᠯ ᠬᠢᠬᠦ ᠳᠤ ᠬᠠᠩᠭᠠᠪᠠ ᠲᠢᠶᠠᠨ ᠣᠪᠣᠭᠲᠤ 2015 ᠣᠨ ᠠᠴᠠ 2018 ᠣᠨ ᠪᠣᠯᠲᠠᠯᠠᠬᠢ ᠬᠤᠭᠤᠴᠠᠭᠠᠨ ᠳᠤ᠂ ᠵᠠᠩ ᠣᠪᠣᠭᠲᠤ ᠵᠡᠷᠭᠡ 10 ᠭᠠᠷᠤᠶ ᠬᠥᠮᠦᠨ ᠤ ᠡᠮᠨᠡᠯᠭᠡ ᠶᠢᠨ ᠳᠠᠭᠠᠳᠬᠠᠯ ᠤᠨ ᠺᠠᠷᠲ ᠢ ᠴᠤᠭᠯᠠᠭᠤᠯᠵᠤ ᠂ ᠪᠤᠰᠤᠳ ᠬᠦᠮᠦᠨ ᠤ ᠡᠮᠨᠡᠯᠭᠡ ᠶᠢᠨ ᠬᠤᠷᠢᠶᠠᠨ ᠳᠤ ᠣᠴᠢᠵᠤ ᠬᠠᠭᠤᠷᠮᠠᠭ ᠨᠡᠷ᠎ᠡ ᠪᠠᠷ ᠶᠡᠭᠡ ᠬᠡᠮᠵᠢᠶᠡᠨ ᠤ ᠡᠮ ᠤᠨ ᠵᠦᠢᠯ ᠭᠠᠷᠭᠠᠵᠤ ᠠᠪᠬᠤ ᠳᠤ ᠬᠠᠩᠭᠠᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 23 ᠲᠦᠮᠡ ᠭᠠᠷᠤᠶ ᠲᠥᠭᠦᠷᠢᠭ ᠮᠡᠬᠡᠯᠡᠨ ᠠᠪᠤᠪᠠ᠃ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ᠂ ᠲᠢᠶᠠᠨ ᠣᠪᠣᠭᠲᠤ ᠪᠤᠰᠤᠳ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠭᠰᠡᠨ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠶᠢ ᠲᠣᠳᠣᠷᠬᠠᠶ ᠮᠡᠳᠡᠵᠦ ᠪᠠᠶᠢᠭᠠᠳ ᠮᠥᠨ ᠯᠡ ᠲᠡᠭᠦᠨ ᠳᠤ ᠡᠮᠨᠡᠯᠭᠡ ᠶᠢᠨ ᠳᠠᠭᠠᠳᠬᠠᠯ ᠤᠨ ᠺᠠᠷᠲ ᠬᠠᠩᠭᠠᠵᠠᠢ᠂ ᠲᠡᠭᠦᠨ ᠤ ᠡᠨᠡ ᠬᠦ ᠦᠢᠯᠡ ᠠᠵᠢᠯᠯᠠᠭ᠎ᠠ ᠨᠢ ᠨᠢᠭᠡᠨᠲᠡ ᠮᠡᠬᠡᠯᠡᠭᠰᠡᠨ ᠶᠠᠯ᠎ᠠ ᠪᠤᠯᠵᠤ ᠪᠦᠷᠢᠯᠳᠦᠭᠰᠡᠨ ᠠᠴᠠ᠂ ᠬᠠᠤᠯᠢ ᠶᠣᠰᠣᠭᠠᠷ ᠰᠢᠳᠬᠡᠬᠦ ᠬᠡᠷᠡᠭᠲᠡᠶ ᠭᠡᠵᠦ ᠦᠵᠡᠪᠡ᠃ ᠲᠢᠶᠠᠨ ᠣᠪᠣᠭᠲᠤ ᠨᠢᠭᠡᠨᠲᠡ ᠪᠦᠬᠦ ᠬᠤᠬᠢᠷᠠᠯ ᠢ ᠲᠦᠯᠦᠵᠦ ᠥᠭᠭᠦᠭᠰᠡᠨ ᠪᠣᠯᠬᠤᠷ 1 ᠵᠢᠯ ᠪᠦᠭᠡᠳ 10 ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠰᠢᠳᠬᠡᠪᠡ᠃      ︹ ᠬᠠᠥᠯᠢ ᠶᠠᠷᠢᠬᠤ ︺ ᠪᠡᠭᠡᠵᠢᠩ ᠬᠤᠲᠠ ᠶᠢᠨ ᠬᠤᠶᠠᠳᠤᠭᠠᠷ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠡᠷᠡᠭᠦᠤ ᠶᠢᠨ ᠬᠡᠷᠡᠭ ᠤᠨ ᠬᠤᠶᠠᠳᠤᠭᠠᠷ ᠲᠢᠩᠬᠢᠮ ᠤᠨ ᠳᠠᠷᠤᠭ᠎ᠠ ᠲᠠᠨ ᠶᠢᠨ ᠰᠥᠩ ᠲᠠᠨᠢᠯᠴᠠᠭᠤᠯᠬᠤ ᠳᠠᠭᠠᠨ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠲᠠᠢ ᠬᠤᠯᠪᠣᠭᠳᠠᠭᠰᠠᠨ ᠶᠠᠯ᠎ᠠ ᠬᠢᠬᠦ ᠠᠷᠭ᠎ᠠ ᠮᠠᠶ᠋ᠢᠭ ᠠᠴᠠ ᠦᠵᠡᠪᠡᠯ᠂ ᠨᠢᠭᠡᠳᠦᠭᠡᠷ ᠲᠤ ᠪᠤᠰᠤᠳ ᠤᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠵᠦ᠂ ᠶᠡᠭᠡ ᠬᠡᠮᠵᠢᠶ᠎ᠡ ᠪᠠᠷ ᠡᠮ ᠭᠠᠷᠭᠠᠨ᠎ᠠ᠃ ᠦᠢᠯᠡ ᠠᠵᠢᠯᠯᠠᠭᠠᠳᠠᠨ ᠨᠢ ᠳᠡᠭᠡᠷ᠎ᠡ ᠡᠲᠡᠭᠡᠳ ᠢᠶᠠᠷ ᠢᠶᠠᠨ ᠳᠠᠮᠵᠢᠨ ᠪᠤᠰᠤᠳ ᠤᠨ ᠡᠮᠨᠡᠯᠭᠡ ᠶᠢᠨ ᠳᠠᠭᠠᠳᠬᠠᠯ ᠤᠨ ᠺᠠᠷᠲ ᠢ ᠶᠡᠭᠡ ᠬᠡᠮᠵᠢᠶ᠎ᠡ ᠪᠠᠷ ᠴᠤᠭᠯᠠᠭᠤᠯᠤᠨ᠂ ᠡᠮᠨᠡᠯᠭᠡ ᠶᠢᠨ ᠬᠤᠷᠢᠶᠠᠨ ᠳᠤ ᠨᠡᠷ᠎ᠡ ᠪᠤᠷᠤᠭᠤᠯᠠᠨ ᠡᠪᠡᠳᠴᠢᠨ ᠦᠵᠡᠭᠦᠯᠬᠦ᠂ ᠠᠳᠠᠯᠢ ᠨᠢᠭᠡᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠨ ᠠᠪᠴᠤ ᠠᠳᠠᠯᠢ ᠪᠤᠰᠤ ᠡᠮᠴᠢᠯᠡᠭᠡᠨ ᠤ ᠪᠠᠶᠢᠭᠤᠯᠤᠮᠵᠢ ᠠᠴᠠ ᠶᠡᠭᠡ ᠬᠡᠮᠵᠢᠶ᠎ᠡ ᠪᠠᠷ ᠡᠮ ᠪᠢᠴᠢᠬᠦᠯᠵᠦ ᠠᠪᠬᠤ᠂ ᠡᠰᠡᠬᠦᠯ᠎ᠡ ᠠᠳᠠᠯᠢ ᠨᠢᠭᠡᠨ ᠡᠮᠨᠡᠯᠭᠡ ᠶᠢᠨ ᠳᠠᠭᠠᠳᠬᠠᠯ ᠤᠨ ᠺᠠᠷᠲ ᠢᠶᠠᠷ ᠣᠯᠠᠨ ᠡᠭᠦᠳᠡᠨ ᠡᠮᠨᠡᠯᠭᠡ ᠶᠢᠨ ᠰᠠᠯᠠᠭ᠎ᠠ ᠰᠠᠯᠠᠭ᠎ᠠ ᠲᠠᠰᠤᠭ ᠤᠨ ᠡᠮ ᠪᠢᠴᠢᠬᠦᠯᠵᠦ ᠠᠪᠬᠤ ᠵᠡᠷᠭᠡ ᠪᠠᠶᠢᠳᠠᠯ ᠲᠠᠢ᠂ ᠶᠡᠷᠦ ᠳᠡᠭᠡᠨ ᠵᠢᠷᠦᠬᠡ ᠲᠠᠷᠢᠬᠢᠨ ᠤ ᠴᠢᠰᠤᠨ ᠰᠤᠳᠠᠯ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠶᠠᠰᠤᠨ ᠤ ᠰᠠᠯᠠᠭᠠᠨ ᠤ ᠬᠤᠯᠪᠣᠭᠳᠠᠯ ᠪᠦᠬᠦᠢ ᠤᠵᠢᠭ ᠴᠢᠨᠠᠷᠲᠠᠢ ᠡᠪᠡᠳᠴᠢᠨ ᠳᠤ ᠬᠡᠷᠡᠭᠯᠡᠬᠦ ᠡᠮ ᠪᠣᠯᠣᠨ᠎ᠠ᠂ ᠡᠳᠡᠭᠡᠷ ᠳᠠᠬᠢᠨ ᠬᠠᠤᠯᠢ ᠪᠤᠰᠤ ᠪᠠᠷ ᠡᠮ ᠤᠨ ᠵᠦᠢᠯ ᠬᠤᠳᠠᠯᠳᠤᠨ ᠠᠪᠳᠠᠭ ᠲᠤᠤᠷᠡᠳᠦ ᠤᠷᠤᠰᠬᠠᠯ ᠤᠨ ᠶᠠᠯᠠᠲᠤ ᠡᠲᠡᠭᠡᠳ ᠲᠤ ᠦᠨ᠎ᠡ ᠨᠡᠮᠡᠵᠦ ᠬᠤᠳᠠᠯᠳᠤᠨ ᠥᠭᠳᠡᠭ᠃ ᠬᠤᠶᠠᠳᠤᠭᠠᠷ ᠲᠤ᠂ ᠶᠡᠭᠡ ᠬᠡᠮᠵᠢᠶᠡᠨ ᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠴᠤᠭᠯᠠᠭᠤᠯᠤᠨ᠎ᠠ᠃ ᠦᠢᠯᠡ ᠠᠵᠢᠯᠯᠠᠭᠠᠳᠠᠨ ᠪᠤᠰᠤᠳ ᠬᠥᠮᠦᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠬᠡᠷᠡᠭᠯᠡᠵᠦ ᠨᠡᠷ᠎ᠡ ᠪᠤᠷᠤᠭᠤᠯᠠᠨ ᠡᠪᠡᠳᠴᠢᠨ ᠦᠵᠡᠭᠦᠯᠬᠦ ᠵᠡᠷᠭᠡ ᠨᠢ ᠮᠡᠬᠡᠯᠡᠬᠦ ᠶᠠᠯᠠᠲᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠶ ᠮᠡᠳᠡᠵᠦ ᠪᠠᠶᠢᠭᠠᠳ ᠶᠡᠭᠡ ᠬᠡᠮᠵᠢᠶᠡᠨ ᠤ ᠡᠮᠨᠡᠯᠭᠡ ᠶᠢᠨ ᠳᠠᠭᠠᠳᠬᠠᠯ ᠤᠨ ᠺᠠᠷᠲ ᠴᠤᠭᠯᠠᠭᠤᠯᠵᠤ ᠪᠤᠰᠤᠳ ᠬᠥᠮᠦᠨ ᠳᠤ ᠬᠡᠷᠡᠭᠯᠡᠭᠦᠯᠦᠨ᠂ ᠡᠮᠨᠡᠯᠭᠡ ᠶᠢᠨ ᠳᠠᠭᠠᠳᠬᠠᠯ ᠤᠨ ᠺᠠᠷᠲ ᠤᠨ ᠲᠦᠷᠢᠶᠡᠰᠦᠨ ᠮᠥᠩᠭᠦ ᠪᠤᠶᠤ ᠶᠠᠯᠠᠲᠤ ᠠᠵᠢᠯᠯᠠᠭ᠎ᠠ ᠶᠢᠨ ᠬᠤᠪᠢᠳᠠᠯ ᠮᠥᠩᠭᠦ ᠣᠯᠳᠠᠭ᠃ ᠨᠢᠭᠡ ᠳᠤ ᠬᠤᠪᠢ ᠬᠥᠮᠦᠨ ᠤ ᠪᠡᠶ᠎ᠡ ᠪᠠᠷ ᠢᠶᠠᠨ ᠬᠦᠷᠴᠦ ᠡᠪᠡᠳᠴᠢᠨ ᠦᠵᠡᠭᠦᠯᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠨ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠲᠣᠭᠲᠠᠭᠠᠯ ᠠᠴᠠ ᠵᠥᠷᠢᠴᠡᠨ ᠵᠢᠭᠡᠯᠡᠭᠦᠯᠦᠭᠰᠡᠨ ᠪᠤᠶᠤ ᠳᠦᠷᠢᠶᠡᠰᠦᠯᠡᠭᠦᠯᠦᠭᠰᠡᠨ ᠺᠠᠷᠲ ᠡᠵᠡᠮᠰᠢᠭᠴᠢ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠴᠢᠮ ᠢᠶᠠᠨ ᠴᠢᠩᠭᠠᠷᠠᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠬᠦ ᠶᠢ ᠨᠢ ᠬᠡᠰᠡᠭ ᠬᠤᠭᠤᠴᠠᠭᠠᠨ ᠳᠤ ᠲᠦᠷ ᠵᠣᠭᠰᠣᠭᠠᠬᠤ ᠰᠢᠳᠬᠡᠯ ᠥᠭᠴᠦ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠬᠤᠶᠠᠷ ᠲᠤ ᠡᠮ ᠡᠮᠨᠡᠯᠭᠡ ᠶᠢᠨ ᠳᠠᠭᠠᠳᠬᠠᠯ ᠤᠨ ᠡᠮ ᠥᠭᠬᠦ ᠲᠣᠭᠲᠠᠭᠠᠯ ᠢ ᠴᠢᠩᠭ᠎ᠠ ᠲᠤᠭᠤᠰᠢᠯᠠᠭᠤᠯᠵᠤ᠂ ᠡᠮᠴᠢ ᠶᠢᠨ ᠡᠮ ᠪᠢᠴᠢᠵᠦ ᠦᠭᠬᠦ ᠳᠤ ᠪᠠᠨ ᠪᠡᠶ᠎ᠡ ᠶᠢᠨ ᠭᠠᠷᠤᠯ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠷᠣᠯᠠᠨ ᠡᠮ ᠠᠪᠴᠤ ᠥᠭᠭᠦᠭᠰᠡᠨ ᠪᠠᠶᠢᠳᠠᠯ ᠳᠤ᠂ ᠳᠦᠷᠢᠮ ᠲᠣᠭᠲᠠᠭᠠᠯ ᠤᠨ ᠲᠠᠯ᠎ᠠ ᠪᠠᠷ ᠣᠷᠣᠯᠠᠨ ᠡᠮ ᠠᠪᠤᠭᠴᠢ ᠶᠢᠨ ᠪᠡᠶ᠎ᠡ ᠶᠢᠨ ᠭᠠᠷᠤᠯ ᠢ ᠦᠯᠡᠳᠡᠭᠡᠵᠦ᠂ ᠨᠢᠭᠡ ᠤᠳᠠᠭ᠎ᠠ ᠶᠢᠨ ᠡᠮ ᠪᠢᠴᠢᠵᠤ ᠦᠭᠬᠦ ᠬᠡᠮᠵᠢᠶ᠎ᠡ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠨᠢᠭᠡ ᠯᠡ ᠤᠳᠠᠭ᠎ᠠ ᠳᠡᠭᠡᠷ᠎ᠡ ᠶᠡᠭᠡ ᠬᠡᠮᠵᠢᠶ᠎ᠡ ᠪᠠᠷ ᠡᠮ ᠨᠡᠭᠡᠭᠡᠬᠦ ᠪᠠᠶᠢᠳᠠᠯ ᠢ ᠠᠯᠢ ᠴᠢᠳᠠᠬᠤ ᠪᠠᠷ ᠰᠡᠷᠭᠡᠶᠢᠯᠡᠬᠦ ᠬᠡᠷᠡᠭᠲᠡᠶ︔ ᠭᠤᠷᠪᠠ ᠳᠤ ᠡᠮᠨᠡᠯᠭᠡ ᠶᠢᠨ ᠬᠤᠷᠢᠶᠠᠨ ᠤ ᠡᠷᠬᠢᠨ ᠲᠣᠭᠤᠷᠢᠨ ᠪᠠ ᠡᠮ ᠤᠨ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠢ ᠮᠡᠬᠡᠯᠡᠭᠰᠡᠨ ᠶᠠᠯᠠᠲᠤ ᠠᠵᠢᠯᠯᠠᠭ᠎ᠠ ᠶᠢᠨ ᠳᠡᠭᠡᠳᠦ ᠤᠷᠤᠰᠬᠠᠯ᠂ ᠳᠤᠤᠷᠠᠳᠤ ᠤᠷᠤᠰᠬᠠᠯ ᠠᠴᠠ ᠶᠠᠯᠠᠲᠤ ᠠᠵᠢᠯᠯᠠᠭ᠎ᠠ ᠡᠭᠦᠰᠬᠦ ᠶᠢ ᠬᠤᠷᠢᠭᠯᠠᠬᠤ ᠬᠡᠷᠡᠭᠲᠡᠶ︔ ᠳᠥᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠡᠷᠡᠭᠦᠯ ᠪᠤᠰᠤ ᠡᠮᠨᠡᠯᠭᠡ ᠶᠢᠨ ᠳᠠᠭᠠᠳᠬᠠᠯ ᠤᠨ ᠺᠠᠷᠲ ᠢ ᠰᠢᠯᠢᠨ ᠰᠣᠩᠭᠤᠬᠤ ᠪᠠ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠡᠮ ᠤᠨ ᠲᠡᠯᠭᠡᠭᠦᠷ᠂ ᠺᠠᠷᠲ ᠡᠵᠡᠮᠰᠢᠭᠴᠢ ᠳᠤ ᠲᠣᠮᠣ ᠳ᠋ᠠᠶᠢᠲ᠋ᠠ ᠶᠢᠨ ᠬᠥᠳᠡᠯᠦᠩᠭᠦᠶ ᠬᠠᠮᠢᠶᠠᠷᠤᠯᠲᠠ ᠬᠢᠵᠦ᠂ ᠵᠠᠭᠪᠤᠷ ᠪᠠᠶᠢᠭᠤᠯᠤᠨ᠂ ᠬᠡᠪ ᠤᠨ ᠪᠤᠰᠤ ᠪᠠᠶᠢᠳᠠᠯ ᠢ ᠵᠠᠳᠠᠯᠤᠨ᠂ ᠬᠠᠮᠢᠶ᠎ᠠ ᠪᠦᠬᠦᠢ ᠶᠠᠯᠠᠲᠤ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠬᠦ ᠶᠢ ᠦᠨᠡᠩᠬᠦ ᠪᠠᠲᠤᠯᠠᠬᠤ ᠬᠡᠷᠡᠭᠲᠡᠶ ᠭᠡᠵᠦ ᠲᠠᠨ ᠶᠢᠨ ᠰᠦᠩ ᠰᠠᠨᠠᠭᠤᠯᠵᠠᠢ᠃ ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠰᠢᠤᠢ ᠵᠢᠤᠸᠠᠨ︶
ᠢᠷᠡᠯᠲᠡ᠄ ᠲᠣᠲᠣᠷᠬᠠᠢ ᠦᠭᠡᠢ