ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ ᠬᠤᠶᠠᠳᠤᠭᠠᠷ ᠬᠤᠭᠤᠴᠠᠭᠠᠨ ᠤ ᠠᠯᠪᠠᠨ ᠮᠡᠳᠡᠭᠡ
ᠨᠡᠶᠢᠲᠡᠯᠡᠭᠰᠡᠨ ᠴᠠᠭ᠄
2022/12/19
ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ ᠬᠤᠶᠠᠳᠤᠭᠠᠷ ᠬᠤᠭᠤᠴᠠᠭᠠᠨ ᠤ ᠠᠯᠪᠠᠨ ᠮᠡᠳᠡᠭᠡ                           ᠤᠷᠠᠳ ᠵᠠᠰᠠᠭ ᠠᠯᠪᠠᠨ ᠲᠠᠷᠬᠠᠭᠠᠭᠰᠠᠨ 〔2022〕16 ᠳ᠋ᠤᠭᠠᠷ ᠲᠣᠭᠠᠲᠤᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠳᠤ᠄     ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠱᠠᠭᠠᠷᠳᠠᠯᠭ᠎ᠠ ᠶᠣᠰᠣᠭᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ︽ᠪᠥᠬᠦ ᠣᠷᠣᠨ ᠳᠤ ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠪᠣᠯᠣᠨ ᠪᠠᠶᠠᠨᠨᠠᠭᠤᠷ ᠬᠤᠲᠠ ᠶᠢᠨ ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃     ᠨᠢᠭᠡ᠂ 2021 ᠣᠨ ᠳᠤ ᠴᠡᠭᠴᠡᠯᠡᠨ ᠰᠠᠶᠢᠵᠢᠷᠠᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠨ᠎ᠠ     2021 ᠣᠨ ᠳᠤ ᠪᠥᠬᠦ ᠣᠷᠣᠨ ᠳᠤ ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ  ᠠᠴᠠ ᠨᠠᠰᠢ᠂ ᠪᠥᠬᠦ ᠬᠤᠰᠢᠭᠤᠨ ᠤ 15072 ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠵᠤ᠂ ᠵᠢᠯ ᠤᠨ ᠡᠴᠦᠰ ᠪᠣᠯᠬᠤ ᠳᠤ 12260 ᠵᠣᠷᠯᠣᠩ ᠢ ᠳᠠᠭᠤᠰᠬᠠᠪᠠ᠂ ᠴᠠᠭ ᠠᠭᠤᠷ ᠤᠨ ᠰᠢᠯᠲᠠᠭᠠᠨ  ᠠᠴᠠ ᠪᠣᠯᠵᠤ᠂ ᠦᠯᠡᠳᠡᠭᠰᠡᠨ 2812 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠡᠶᠢᠯᠦᠭᠰᠡᠨ ᠦᠭᠡᠢ᠃ᠣᠷᠣᠰᠢᠵᠤ ᠪᠠᠶᠢᠭ᠎ᠠ ᠠᠰᠠᠭᠤᠳᠠᠯ ᠨᠢ ᠳᠣᠣᠷᠠᠬᠢ ᠮᠡᠲᠦ᠄     ᠨᠢᠭᠡ ᠳᠤ ᠴᠡᠭᠴᠡᠯᠡᠨ ᠥᠭᠡᠷᠡᠴᠢᠯᠡᠬᠦ ᠠᠬᠢᠴᠠ ᠤᠳᠠᠭᠠᠨ ᠪᠠᠶᠢᠨ᠎ᠠ᠃ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠦᠨᠡᠨ ᠪᠣᠳᠠᠲᠠᠢ ᠪᠢᠰᠢ ᠨᠠᠷᠢᠯᠢᠭ ᠪᠤᠰᠤ ᠠᠰᠠᠭᠤᠯᠲᠠ ᠨᠡᠶᠢᠳᠡᠮ ᠣᠷᠣᠰᠢᠵᠤ ᠪᠠᠶᠢᠨ᠎ᠠ     ᠰᠡᠳᠦᠪ ᠨᠢ᠂ ᠡᠷᠦᠬᠡ ᠳᠤ ᠣᠷᠣᠵᠤ ᠨᠢᠭᠡ ᠨᠢᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠦᠭᠡᠢ᠂ ᠰᠠᠭᠤᠷᠢ ᠲᠤᠭ᠎ᠠ ᠨᠢ ᠲᠣᠳᠣᠷᠬᠠᠢ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ᠡᠭᠦᠨ ᠤ ᠵᠡᠷᠭᠡ ᠳᠤ ᠠᠵᠢᠯ ᠤᠨ ᠠᠬᠢᠴᠠ ᠤᠳᠠᠭᠠᠨ᠂ ᠦᠵᠡᠯ ᠰᠠᠨᠠᠭᠠᠨ ᠤ ᠲᠠᠯ᠎ᠠ ᠪᠠᠷ ᠬᠦᠨᠳᠦ ᠨᠣᠴᠢᠲᠠᠢ ᠪᠠᠶᠢᠬᠤ ᠠᠰᠠᠭᠤᠳᠠᠯ ᠨᠡᠶᠢᠳᠡᠮ ᠣᠷᠣᠰᠢᠵᠤ᠂ ᠰᠢᠨ ᠠᠨ ᠲᠠᠷᠢᠶᠠᠯᠠᠩ ᠤᠨ ᠲᠠᠯᠠᠪᠠᠶ ᠵᠡᠷᠭᠡ ᠣᠨᠴᠠ ᠵᠠᠷᠢᠮ ᠭᠠᠵᠠᠷ ᠣᠷᠣᠨ ᠳᠤ ᠮᠥᠨ ᠬᠦ ᠪᠣᠳᠠᠲᠠᠢ ᠪᠠᠷ ᠠᠵᠢᠯ ᠡᠬᠢᠯᠡᠭᠦᠯᠦᠭᠰᠡᠨ ᠦᠭᠡᠢ᠂ ᠳᠥᠭᠦᠮᠬᠡᠨ ᠢᠶᠠᠷ ᠠᠷᠭᠠᠴᠠᠬᠤ ᠦᠵᠡᠭᠳᠡᠯ ᠣᠷᠣᠰᠢᠵᠤ ᠪᠠᠶᠢᠨ᠎ᠠ᠃     ᠬᠤᠶᠠᠷ ᠲᠤ ᠴᠡᠭᠴᠡᠯᠡᠨ ᠥᠭᠡᠷᠡᠴᠢᠯᠡᠬᠦ ᠶᠠᠰᠤ ᠴᠢᠨᠠᠷ ᠥᠨᠳᠥᠷ ᠪᠢᠰᠢ᠃ᠣᠨᠴᠠ ᠵᠠᠷᠢᠮ ᠭᠠᠵᠠᠷ ᠣᠷᠣᠨ ᠤ ᠬᠢᠨ ᠮᠠᠯᠴᠢᠨ ᠲᠠᠷᠢᠶᠠᠴᠢᠨ ᠤ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠭᠰᠠᠨ ᠦᠭᠡᠢ᠂ ᠮᠠᠯᠴᠢᠨ ᠲᠠᠷᠢᠶᠠᠴᠢᠨ ᠪᠦᠲᠦᠭᠡᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠳᠤ ᠲᠤᠩ ᠴᠥᠭᠡᠨ ᠣᠷᠣᠯᠴᠠᠵᠤ᠂ ᠣᠯᠠᠩᠬᠢ ᠭᠠᠵᠠᠷ ᠣᠷᠣᠨ ᠤ ᠬᠢᠨ ᠵᠥᠪᠬᠡᠨ ᠠᠵᠢᠯᠯᠠᠬᠤ ᠠᠩᠭᠢ ᠶᠢᠨ ᠴᠡᠭᠴᠡᠯᠡᠨ ᠰᠠᠶᠢᠵᠢᠷᠠᠭᠤᠯᠤᠯᠲᠠ ᠳᠤ ᠲᠦᠰᠢᠭᠯᠡᠵᠦ ᠪᠠᠶᠢᠨ᠎ᠠ᠃ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠨᠠᠨ ᠬᠠᠮᠢᠶᠠᠷᠬᠤ ᠦᠢᠯᠡᠳᠦᠯ ᠢ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠮᠠᠲ᠋ᠧᠷᠢᠶᠠᠯ ᠤᠨ ᠶᠠᠰᠤ ᠴᠢᠨᠠᠷ ᠬᠢᠷᠢ ᠲᠡᠩᠴᠡᠭᠦ ᠦᠭᠡᠢ᠂ ᠤᠭᠰᠠᠷᠠᠬᠤ ᠳᠤ ᠳᠤᠷ᠎ᠠ ᠲᠠᠪᠠ ᠪᠠᠷ ᠢᠶᠠᠨ᠂ ᠲᠥᠬᠦᠮ ᠠᠷᠭ᠎ᠠ ᠪᠠᠷ ᠠᠷᠭᠠᠴᠠᠬᠤ ᠦᠵᠡᠭᠳᠡᠯ ᠨᠡᠶᠢᠳᠡᠮ ᠣᠷᠣᠰᠢᠵᠤ ᠪᠠᠶᠢᠨ᠎ᠠ ︵ᠵᠢᠱᠢᠶᠡᠯᠡᠪᠡᠯ᠄ ᠰᠠᠯᠬᠢ ᠭᠠᠳᠠᠭᠰᠢᠯᠠᠭᠤᠯᠬᠤ ᠰᠡᠩᠰᠡ ᠬᠡᠪ ᠤᠨ ᠪᠠᠶᠢᠳᠠᠯ ᠢᠶᠠᠷ ᠠᠵᠢᠯᠯᠠᠵᠤ ᠳᠡᠶᠢᠯᠬᠦ ᠦᠭᠡᠢ᠂ ᠪᠠᠭᠠᠰᠤᠨ ᠲᠠᠲᠠᠭᠠᠯ ᠢ ᠴᠢᠩᠭ᠎ᠠ ᠪᠢᠲᠡᠭᠦᠮᠵᠢᠯᠡᠭᠰᠡᠨ ᠦᠭᠡᠢ᠂ ᠬᠡᠢ ᠭᠠᠳᠠᠭᠰᠢᠯᠠᠭᠤᠯᠬᠤ ᠬᠤᠭᠤᠯᠠᠢ ᠶᠢ ᠪᠠᠬᠢᠯᠡᠭᠰᠡᠨ ᠦᠭᠡᠢ ᠵᠡᠷᠭᠡ︶᠃      ᠭᠤᠷᠪᠠ ᠳᠤ ᠲᠠᠩᠰᠠ ᠡᠪᠬᠡᠮᠡᠯ ᠤᠨ ᠮᠠᠲ᠋ᠧᠷᠢᠶᠠᠯ ᠪᠦᠷᠢᠨ ᠪᠤᠰᠤ᠃ᠣᠨᠴᠠ ᠵᠠᠷᠢᠮ ᠭᠠᠵᠠᠷ ᠤᠨ ᠬᠢᠨ ᠨᠢᠭᠡ ᠡᠷᠦᠬᠡ ᠨᠢᠭᠡ ᠲᠠᠩᠰᠠ ᠡᠪᠬᠡᠮᠡᠯ ᠤᠨ ᠱᠠᠭᠠᠷᠳᠠᠯᠭ᠎ᠠ ᠶᠣᠰᠣᠭᠠᠷ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠵᠦ ᠲᠡᠭᠦᠯᠳᠡᠷᠵᠢᠭᠦᠯᠦᠭᠰᠡᠨ ᠦᠭᠡᠢ ᠪᠣᠯᠬᠤᠷ ᠪᠠᠯᠭᠠᠰᠤ ᠲᠣᠰᠬᠤᠨ ᠤ ᠡᠬᠡ ᠲᠠᠩᠰᠠ ᠶᠢᠨ ᠮᠠᠲ᠋ᠧᠷᠢᠶᠠᠯ ᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ᠬᠤᠯᠪᠣᠭᠳᠠᠯ ᠪᠦᠬᠦᠢ ᠤᠬᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠪᠠᠶᠢᠬᠤ ᠦᠭᠡᠢ᠂ ᠤᠬᠠᠭᠤᠯᠭ᠎ᠠ ᠬᠥᠮᠦᠵᠢᠯ ᠬᠦᠨᠳᠦ ᠨᠣᠴᠢᠲᠠᠢ ᠲᠤᠲᠠᠭᠳᠠᠵᠤ᠂ ᠤᠬᠠᠭᠤᠯᠭ᠎ᠠ ᠬᠥᠮᠦᠵᠢᠯ ᠥᠷᠨᠢᠭᠦᠯᠦᠭᠰᠡᠨ ᠦᠭᠡᠢ᠃      ᠳᠥᠷᠪᠡ ᠳᠤ ᠬᠤᠶᠢᠨᠠᠬᠢ ᠬᠠᠮᠢᠶᠠᠷᠤᠯᠲᠠ ᠬᠠᠮᠠᠭᠠᠯᠠᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠢ᠃ᠣᠨᠴᠠ ᠵᠠᠷᠢᠮ ᠭᠠᠵᠠᠷ ᠣᠷᠣᠨ ᠤ ᠬᠢᠨ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠦᠭᠡᠢ᠂ ᠪᠠᠯᠭᠠᠰᠤ᠂ ᠲᠣᠰᠬᠤᠨ᠂ ᠲᠣᠰᠬᠤᠨ ᠳᠤᠭᠤᠶᠢᠯᠠᠩ ᠤᠨ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠭᠰᠠᠨ ᠦᠭᠡᠢ ᠠᠴᠠ ᠪᠣᠯᠵᠤ᠂ ᠪᠠᠭᠠᠰᠤᠨ ᠲᠡᠷᠭᠡ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠰᠤᠯᠠ ᠲᠠᠯᠪᠢᠵᠤ᠂ ᠠᠵᠢᠯᠯᠠᠭᠠᠨ ᠤ ᠦᠷ᠎ᠡ ᠪᠦᠲᠦᠮᠵᠢ ᠶᠢ ᠥᠨᠳᠥᠷ ᠪᠢᠰᠢ ᠪᠣᠯᠭᠠᠵᠠᠢ᠃ᠣᠨᠴᠠ ᠵᠠᠷᠢᠮ ᠭᠠᠵᠠᠷ ᠣᠷᠣᠨ ᠳᠤ ᠪᠠᠶᠢᠭᠤᠯᠬᠤ ᠠᠴᠠ ᠪᠢᠰᠢ ᠬᠡᠷᠡᠭᠯᠡᠬᠦ ᠦᠭᠡᠢ ᠦᠵᠡᠭᠳᠡᠯ ᠣᠷᠣᠰᠢᠵᠤ᠂ ᠲᠠᠷᠢᠶᠠᠴᠢᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠥᠨᠳᠥᠷ ᠪᠢᠰᠢ ᠪᠠᠶᠢᠨ᠎ᠠ᠃      ᠬᠤᠶᠠᠷ᠂ ᠲᠠᠷᠠᠭᠠᠴᠢ ᠶᠢᠨ ᠠᠯᠬᠤᠮ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠠᠯᠲᠠ      ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠳᠤᠷᠠᠳᠤᠭᠰᠠᠨ ᠠᠰᠠᠭᠤᠳᠠᠯ ᠤᠳ ᠲᠠᠢ ᠬᠠᠷᠢᠴᠠᠭᠤᠯᠤᠨ᠂ ᠨᠢᠭᠡ ᠠᠴᠠ ᠵᠦᠢᠴᠢᠯᠡᠵᠦ ᠬᠤᠶᠠᠷ ᠢ ᠮᠡᠳᠡᠵᠦ᠂ ᠰᠠᠨᠠᠭᠠᠴᠢᠯᠠᠭ᠎ᠠ  ᠠᠴᠠ ᠪᠠᠨ ᠴᠡᠭᠴᠡᠯᠡᠨ ᠰᠠᠶᠢᠵᠢᠷᠠᠭᠤᠯᠵᠤ᠂ 3 ᠳ᠋ᠤᠭᠠᠷ ᠰᠠᠷ᠎ᠠ ᠳᠤ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠶᠢ ᠡᠷᠭᠢᠵᠦ ᠦᠵᠡᠬᠦ ᠠᠵᠢᠯ ᠢ ᠥᠷᠨᠢᠭᠦᠯᠵᠦ᠂ ᠠᠰᠠᠭᠤᠳᠠᠯ ᠤᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ︔4 ︱ 5 ᠳ᠋ᠤᠭᠠᠷ ᠰᠠᠷ᠎ᠠ ᠳᠤ᠂ ᠴᠡᠭᠴᠡᠯᠡᠨ ᠰᠠᠶᠢᠵᠢᠷᠠᠭᠤᠯᠬᠤ ᠶᠢ ᠲᠥᠪᠯᠡᠷᠡᠭᠦᠯᠦᠨ ᠬᠢᠵᠦ᠂ ᠦᠯᠡᠳᠡᠭᠰᠡᠨ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠂ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠵᠡᠷᠭᠡ ᠳᠤᠨᠢ ᠲᠡᠭᠦᠯᠳᠡᠷᠵᠢᠭᠦᠯᠵᠦ᠂ ᠨᠢᠭᠡ ᠡᠷᠦᠬᠡ ᠨᠢᠭᠡ ᠲᠠᠩᠰᠠ ᠡᠪᠬᠡᠮᠡᠯ ᠤᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ᠂ ᠲᠠᠷᠢᠶᠠᠴᠢᠨ ᠡᠷᠦᠬᠡ ᠪᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠤᠭᠰᠠᠨ ᠤ ᠳᠠᠷᠠᠭ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠦᠨ ᠵᠣᠬᠢᠶᠠᠨ ᠪᠠᠶᠢᠭᠤᠯᠤᠨ ᠰᠢᠯᠭᠠᠨ ᠠᠪᠤᠭᠤᠯᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠯᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ᠃ᠰᠢᠯᠭᠠᠨ ᠠᠪᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠪᠡᠯᠡ ᠮᠥᠩᠭᠦ ᠶᠢ ᠬᠤᠶᠢᠰᠢᠯᠠᠭᠤᠯᠤᠨ ᠥᠭᠬᠦ ᠪᠤᠶᠤ ᠲᠦᠷ ᠵᠣᠭᠰᠣᠭᠠᠨ᠎ᠠ᠃     ᠭᠤᠷᠪᠠ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ 2021 ᠣᠨ ᠤ ᠰᠢᠯᠭᠠᠨ ᠬᠤᠷᠢᠶᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠬᠢᠨᠠᠮᠠᠭᠠᠢ ᠬᠠᠷᠢᠴᠠᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠵᠤ᠂ ︽ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ︾ ᠶᠢ ᠲᠤᠤᠱᠯᠠᠭᠤᠯᠬᠤ ᠪᠣᠳᠠᠲᠠᠢ ᠠᠵᠢᠯᠯᠠᠭ᠎ᠠ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠷᠡᠰ ᠰᠢᠭᠤᠷᠬᠠᠢ ᠠᠵᠢᠯᠯᠠᠭ᠎ᠠ᠂ ᠬᠦᠴᠦᠲᠡᠢ ᠠᠷᠭ᠎ᠠ ᠬᠡᠮᠵᠢᠶ᠎ᠡ᠂ ᠴᠢᠩᠭ᠎ᠠ ᠪᠣᠳᠠᠲᠠᠢ ᠰᠤᠷᠲᠠᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃    ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠢ ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠰᠢᠯᠢᠳᠡᠭ ᠴᠡᠷᠢᠭ ᠬᠦᠴᠦᠷᠬᠡᠭ ᠵᠠᠩᠵᠤᠨ ᠢ ᠲᠠᠲᠠᠵᠤ᠂ ᠲᠣᠰᠬᠤᠨ ᠡᠷᠦᠬᠡ ᠳᠠᠷᠠᠭᠠᠯᠠᠨ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠲᠠᠢ ᠵᠣᠷᠯᠣᠩ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠣᠰ ᠲᠡᠭᠦᠯᠳᠡᠷᠵᠢᠭᠦᠯᠦᠭᠰᠡᠨ ᠲᠠᠩᠰᠠ ᠡᠪᠬᠡᠮᠡᠯ ᠤᠨ ᠮᠠᠲ᠋ᠧᠷᠢᠶᠠᠯ ᠢ ᠲᠦᠷᠭᠡᠬᠡᠨ ᠪᠡᠶᠡᠯᠡᠭᠦᠯᠵᠦ᠂ ᠵᠣᠷᠯᠣᠩ ᠢ ᠥᠭᠡᠷᠡᠴᠢᠯᠡᠬᠦ ᠪᠠᠷᠢᠯᠭ᠎ᠠ ᠶᠢᠨ ᠠᠩᠭᠢ ᠶᠢ ᠢᠳᠡᠪᠬᠢᠲᠡᠢ ᠰᠢᠮᠳᠠᠭᠤᠯᠵᠤ ᠪᠠᠶᠢᠭᠠᠳ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ᠂ ᠥᠷᠭᠡᠨ ᠣᠯᠠᠨ ᠲᠠᠷᠢᠶᠠᠴᠢᠨ ᠡᠷᠦᠬᠡ ᠶᠢ ᠳᠠᠶᠢᠴᠢᠯᠠᠨ ᠵᠣᠬᠢᠬᠤ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠠᠰᠤ ᠴᠢᠨᠠᠷ ᠤᠨ ᠠᠰᠠᠭᠤᠳᠠᠯ ᠪᠠ ᠤᠯᠠᠷᠢᠯ ᠤᠨ ᠴᠢᠨᠠᠷᠲᠠᠢ ᠬᠡᠷᠡᠭᠯᠡᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃    ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠡᠯ᠎ᠡ ᠵᠦᠢᠯ ᠤᠨ ᠵᠠᠭᠤᠴᠢᠯᠠᠭᠤᠷ᠂ ᠬᠥᠳᠡᠭᠡ ᠲᠣᠰᠬᠤᠨ ᠤ ᠤᠬᠠᠭᠤᠯᠭ᠎ᠠ ᠶᠢᠨ ᠪᠤᠯᠤᠩ ᠵᠡᠷᠭᠡ ᠲᠠᠪᠴᠠᠩ ᠢ ᠭᠦᠢᠴᠡᠳ ᠠᠰᠢᠭᠯᠠᠵᠤ᠂ ︽ᠵᠣᠷᠯᠣᠩ ᠤᠨ ᠬᠤᠪᠢᠰᠬᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠮᠠᠯᠴᠢᠨ ᠲᠠᠷᠢᠶᠠᠴᠢᠨ ᠢ ᠬᠥᠮᠥᠵᠢᠭᠦᠯᠦᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠲᠠᠢ ᠪᠣᠯᠭᠠᠵᠤ᠂ ᠮᠠᠯᠴᠢᠨ ᠲᠠᠷᠢᠶᠠᠴᠢᠨ ᠤ ᠲᠠᠨᠢᠨ ᠮᠡᠳᠡᠬᠦ ᠬᠡᠮᠵᠢᠶ᠎ᠡ᠂ ᠣᠷᠤᠯᠴᠠᠬᠤ ᠬᠡᠮᠵᠢᠶ᠎ᠡ ᠪᠠ ᠥᠪᠡᠷ ᠢ ᠪᠠᠨ ᠬᠠᠮᠢᠶᠠᠷᠴᠤ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠴᠢᠳ ᠲᠤ ᠵᠣᠷᠯᠣᠩ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠬᠠᠮᠠᠭᠠᠯᠠᠯᠲᠠ᠂ ᠬᠡᠷᠡᠭᠯᠡᠯᠲᠡ ᠶᠢᠨ ᠭᠤᠣᠯ ᠴᠣᠭᠴᠠ ᠪᠣᠯ ᠲᠠᠷᠢᠶᠠᠴᠢᠳ ᠤᠨ ᠲᠣᠰ ᠪᠡᠶ᠎ᠡ ᠪᠣᠯᠣᠨ᠎ᠠ ᠭᠡᠳᠡᠭ ᠢ ᠭᠤᠣᠯᠳᠠᠯᠭ᠎ᠠ ᠲᠠᠢ ᠮᠡᠳᠡᠭᠦᠯᠬᠦ ᠬᠡᠷᠡᠭᠲᠡᠢ᠃ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠣᠷᠯᠣᠩ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ᠂ ᠪᠣᠯᠪᠠᠰᠤᠨ ᠢᠶᠠᠷ ᠬᠡᠷᠡᠭᠯᠡᠬᠦ ᠪᠣᠯᠭᠠᠵᠤ᠂ ᠠᠷᠢᠭᠤᠨ ᠴᠡᠪᠡᠷ ᠵᠣᠷᠯᠣᠩ ᠢ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠨ᠂ ᠭᠤᠶᠣᠯᠠᠬᠤ᠂ ᠬᠠᠲᠠᠭᠤᠷᠠᠭᠤᠯᠬᠤ ᠵᠡᠷᠭᠡ ᠠᠵᠢᠯ ᠢ ᠰᠠᠨᠠᠭᠠᠴᠢᠯᠠᠭ᠎ᠠ  ᠠᠴᠠ ᠪᠠᠨ ᠥᠷᠨᠢᠭᠦᠯᠵᠦ᠂ ︽ᠬᠥᠮᠥᠨ ᠪᠦᠬᠦᠨ ᠣᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ᠃     ︵ᠳᠥᠷᠪᠡ︶ ᠲᠣᠬᠢᠷᠠᠭᠤᠯᠵᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ᠡᠯ᠎ᠡ ᠰᠤᠮᠤ ᠪᠠᠯᠭᠠᠰᠤ ᠶᠢᠨ ᠲᠠᠷᠢᠶᠠᠯᠠᠩ ᠮᠠᠯᠵᠢᠯ ᠤᠨ ᠲᠠᠯᠠᠪᠠᠶ  ᠨᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠲᠣᠰᠬᠤᠨ ᠳᠤᠭᠤᠶᠢᠯᠠᠩ ᠢᠶᠠᠷ ᠨᠢᠭᠡᠴᠢ ᠪᠣᠯᠭᠠᠨ ᠠᠰᠠᠭᠤᠳᠠᠯ ᠲᠠᠢ ᠵᠣᠷᠯᠣᠩ ᠤᠨ ᠡᠬᠡ ᠲᠠᠩᠰᠠ ᠶᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠡᠷᠡᠭᠲᠡᠢ᠃ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠠᠬᠢᠯᠭ᠎ᠠ ᠪᠠᠲᠤ ᠪᠠᠶᠢᠴᠠᠭᠠᠬᠤ᠂ ᠤᠬᠠᠭᠤᠯᠬᠤ᠂ ᠵᠣᠬᠢᠶᠠᠨ ᠪᠠᠶᠢᠭᠤᠯᠬᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠠᠮᠲᠤᠷᠠᠭᠰᠠᠨ ᠰᠢᠪᠠᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠣᠷᠣᠰᠢᠵᠤ ᠪᠠᠶᠢᠭ᠎ᠠ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠴᠢᠬᠤᠯᠠ ᠶᠡᠭᠡ ᠨᠥᠯᠥᠭᠡ ᠭᠠᠷᠭᠠᠭᠰᠠᠨ ᠪᠠᠶᠢᠪᠠᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ᠡᠭᠦᠨ ᠤ ᠬᠠᠮᠲᠤ᠂ ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠤᠮᠤ ᠪᠠᠯᠭᠠᠰᠤ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠤᠨ ᠬᠠᠮᠢᠶᠠᠷᠤᠨ᠎ᠠ᠃     ︵ᠲᠠᠪᠤ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ᠪᠠᠶᠢᠭᠤᠯᠬᠤ᠂ ᠬᠠᠮᠢᠶᠠᠷᠬᠤ᠂ ᠰᠡᠯᠪᠢᠨ ᠵᠠᠰᠠᠬᠤ᠂ ᠬᠡᠷᠡᠭᠯᠡᠬᠦ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠡᠯ᠎ᠡ ᠰᠤᠮᠤ ᠪᠠᠯᠭᠠᠰᠤ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠵᠢᠷᠤᠮᠵᠢᠭᠰᠠᠨ ᠬᠠᠮᠢᠶᠠᠷᠴᠤ ᠬᠠᠮᠠᠭᠠᠯᠠᠬᠤ ᠳᠦᠷᠢᠮ ᠢ ᠲᠣᠭᠲᠠᠭᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠪᠠ ᠪᠠᠭᠠᠰᠤ ᠪᠣᠬᠢᠷᠳᠤᠯ ᠢ ᠴᠡᠪᠡᠷᠯᠡᠨ ᠮᠠᠯᠲᠠᠬᠤ ᠵᠡᠷᠭᠡ ᠬᠠᠮᠢᠶᠠᠷᠴᠤ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ᠭᠠᠴᠠᠭ᠎ᠠ ᠲᠣᠰᠬᠤᠨ ᠤ ᠬᠤᠪᠢᠶᠠᠷᠢ ᠲᠠᠯᠠᠪᠠᠶ ᠪᠠ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠥᠪᠡᠷ ᠢ ᠪᠠᠨ ᠬᠠᠮᠠᠭᠠᠯᠠᠬᠤ ᠶᠢ ᠴᠢᠩᠭᠠᠳᠬᠠᠨ᠎ᠠ᠃ᠳᠦᠷᠢᠮ ᠢᠶᠠᠷ ᠬᠠᠮᠢᠶᠠᠷᠴᠤ ᠬᠠᠮᠠᠭᠠᠯᠠᠬᠤ᠂ ᠪᠡᠯᠡ ᠮᠥᠩᠭᠦ ᠪᠠᠷ ᠬᠠᠮᠠᠭᠠᠯᠠᠵᠤ ᠪᠠᠶᠢᠬᠤ᠂ ᠬᠠᠮᠢᠶᠠᠷᠬᠤ ᠬᠥᠮᠥᠨ ᠲᠠᠢ ᠪᠠᠶᠢᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ︽ᠵᠣᠷᠯᠣᠩ ᠤᠨ ᠬᠤᠪᠢᠰᠬᠠᠯ︾  ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃                                        ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ                                                         2022 ᠣᠨ ᠤ 3 ᠰᠠᠷ᠎ᠠ ᠶᠢᠨ 7 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ