ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ ᠭᠤᠷᠪᠠᠳᠤᠭᠠᠷ ᠬᠤᠭᠤᠴᠠᠭᠠᠨ ᠤ ᠠᠯᠪᠠᠨ ᠮᠡᠳᠡᠭᠡ
ᠨᠡᠶᠢᠲᠡᠯᠡᠭᠰᠡᠨ ᠴᠠᠭ᠄
2022/12/19
ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ ᠭᠤᠷᠪᠠᠳᠤᠭᠠᠷ ᠬᠤᠭᠤᠴᠠᠭᠠᠨ ᠤ ᠠᠯᠪᠠᠨ ᠮᠡᠳᠡᠭᠡ              ᠤᠷᠠᠳ ᠵᠠᠰᠠᠭ ᠠᠯᠪᠠᠨ ᠲᠠᠷᠬᠠᠭᠠᠭᠰᠠᠨ 〔2022〕 59  ᠳ᠋ᠦ᠋ᠭᠡᠷ ᠲᠣᠭᠠᠲᠤᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠷᠠᠳ ᠤᠨ ᠡᠮᠦᠨᠡᠲᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄     ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠥᠭᠡᠷᠡᠴᠢᠯᠡᠯᠲᠡ ᠶᠢᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠪᠠᠶᠠᠨᠨᠠᠭᠤᠷ ᠬᠤᠲᠠ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠠᠯᠪᠠᠨ ᠥᠰᠥᠭ ﹇2022﹈ 52 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ︽ᠤᠳᠤᠷᠢᠳᠬᠤ ᠳᠤᠭᠤᠶᠢᠯᠠᠩ︾ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ    ᠳᠤᠭᠤᠶᠢᠯᠠᠩ ᠤᠨ ᠳᠠᠷᠤᠭ᠎ᠠ᠄ ᠸᠠᠩ ᠵᠢᠶᠦ᠋ᠨ ᠵᠢᠶᠧ         ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠳᠡᠳ᠋ ᠳᠤᠭᠤᠶᠢᠯᠠᠩ ᠤᠨ ᠳᠠᠷᠤᠭ᠎ᠠ᠄ ᠵᠢᠶᠠ ᠵᠧᠨ ᠬᠤᠸᠠ     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢᠬᠤᠤ ᠮᠢᠨ    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠᠰᠤ᠋ ᠴᠠᠩ     ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠᠪᠦᠷᠢᠯᠳᠦᠭᠦᠨ᠄ ᠶᠠᠩ ᠭᠦᠸᠧ ᠳ᠋ᠦᠩ      ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠᠶᠠᠩ ᠵᠧᠨ              ᠰᠢ ᠰᠢᠶᠣᠣ ᠵᠤᠤ ᠪᠠᠯᠭᠠᠰᠤᠨ ᠤ ᠳᠡᠳ᠋ ᠳᠠᠷᠤᠭ᠎ᠠᠶᠠᠩ ᠱᠤ᠋ ᠹᠧᠨ          ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠᠭᠤᠤ ᠵᠠᠨ ᠵᠢᠶᠦ᠋ᠨ       ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢᠳ᠋ᠦ᠋ ᠶᠦᠩ ᠴᠦᠨ        ᠬᠤᠰᠢᠭᠤᠨ ᠤ ᠨᠠᠮ ᠤᠨ ᠬᠤᠷᠢᠶᠠᠨ ᠤ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢᠯᠢᠦ ᠾᠧ ᠫᠢᠩ         ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨᠸᠠᠩ ᠵᠣᠣ              ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠯᠢ ᠶᠤᠸᠠᠢ ᠹᠧᠢ         ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠᠸᠠᠩ ᠵᠢᠢ ᠪᠢᠩ         ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠᠯᠢᠦᠢ ᠳ᠋ᠦᠩ           ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠᠸᠠᠩ ᠢᠦ ᠸᠠᠨ         ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠢ ᠵᠠᠬᠢᠷᠤᠭᠴᠢ ᠶᠢᠨ ᠰᠤᠷᠭᠠᠭᠤᠯᠢ᠂ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠᠸᠠᠩ ᠰᠢᠩ ᠮᠢᠨ        ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠲᠠᠰᠤᠭ ᠤᠨ ᠳᠠᠷᠤᠭ᠎ᠠᠶᠠᠩ ᠹᠧᠨ ᠸᠧᠢ         ᠬᠤᠰᠢᠭᠤᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠳᠡᠳ᠋ ᠡᠷᠬᠢᠯᠡᠭᠴᠢ     ᠬᠤᠶᠠᠷ᠂ ᠤᠳᠤᠷᠢᠳᠬᠤ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ ᠪᠦᠷᠢᠯᠳᠦᠭᠦᠨ ᠨᠢᠭᠡᠴᠡ ᠶᠢᠨ ᠡᠭᠦᠷᠭᠡ ᠶᠢᠨ ᠬᠤᠪᠢᠶᠠᠷᠢᠯᠠᠯ     ︵ᠨᠢᠭᠡ︶ ᠤᠳᠤᠷᠢᠳᠬᠤ ᠳᠤᠭᠤᠶᠢᠯᠠᠩ ᠟ᠣᠨ ᠠᠵᠢᠯ ᠟ᠣᠨ ᠡᠭᠦᠷᠭᠡ ᠬᠠᠷᠢᠭᠤᠴᠠᠯᠭ᠎ᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠵᠢᠴᠢ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ︔ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠥᠰᠥᠯ ᠢ ᠲᠣᠭᠲᠠᠭᠠᠵᠤ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠲᠣᠬᠢᠷᠠᠭᠤᠯᠤᠨ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ ᠪᠠᠶᠢᠷᠢᠯᠠᠭᠤᠯᠤᠨ᠎ᠠ︔ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠲᠥᠬᠦᠷ ᠲᠥᠰᠥᠯ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠨ᠂ ᠤᠬᠠᠭᠤᠯᠤᠨ ᠪᠣᠯᠪᠠᠰᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠪᠠᠭᠰᠢ ᠶᠢ ᠲᠣᠬᠢᠷᠠᠭᠤᠯᠬᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠶᠡᠷᠦᠩᠬᠡᠶᠢᠯᠡᠨ ᠪᠠᠲᠤᠯᠠᠬᠤ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠡ᠃ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠶᠦᠩ ᠭᠠᠩ ᠨᠥᠬᠦᠷ ᠬᠠᠪᠰᠤᠷᠭᠠᠨ ᠬᠠᠷᠢᠭᠤᠴᠠᠨ᠎ᠠ᠃     ︵ᠬᠤᠶᠠᠷ︶ ᠪᠦᠷᠢᠯᠳᠦᠭᠦᠨ ᠨᠢᠭᠡᠴᠡ ᠶᠢᠨ ᠡᠭᠦᠷᠭᠡ ᠶᠢᠨ ᠬᠤᠪᠢᠶᠠᠷᠢᠯᠠᠯ    1. ᠲᠣᠭᠤᠷᠢᠭ᠂ ᠬᠤᠲᠠ ᠶᠢᠨ ︽ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠬᠢᠵᠦ ᠰᠣᠷᠣᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠥᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠥᠰᠥᠯ︾ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠬᠡᠷᠡᠭᠵᠢᠭᠦᠯᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠬᠡᠷᠡᠭᠵᠢᠭᠦᠯᠬᠦ ᠨᠠᠷᠢᠨ ᠳᠦᠷᠢᠮ ᠪᠤᠶᠤ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ︶    2. ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠤᠬᠠᠭᠤᠯᠭ᠎ᠠ ᠶᠢᠨ ᠠᠵᠢᠯ ᠤᠨ ᠲᠥᠰᠥᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠲᠣᠭᠲᠠᠭᠠᠵᠤ᠂ ᠴᠠᠭ ᠲᠤᠬᠠᠢ ᠳᠤᠨᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠵᠣᠯᠭᠠᠭᠤᠯᠤᠨ᠂ ᠨᠢᠭᠡ ᠪᠠᠷᠢᠮᠵᠢᠶ᠎ᠠ ᠶᠢ ᠨᠢᠭᠡᠳᠬᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢᠨ ᠬᠥᠲᠥᠯᠥᠨ ᠵᠢᠯᠤᠭᠤᠳᠬᠤ‌ᠡᠯ᠎ᠡ ᠱᠠᠲᠤᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ︵ᠬᠠᠷᠢᠭᠤᠴᠠᠯᠭᠠᠲᠤ ᠨᠢᠭᠡᠴᠡ᠄ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ︶    3. ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠰᠤᠳᠤᠯᠤᠨ ᠲᠣᠭᠲᠠᠭᠠᠵᠤ᠂ ᠭᠠᠷᠴᠤ ᠮᠡᠳᠡᠬᠦ ᠵᠥᠷᠢᠴᠡᠯ ᠪᠠ ᠠᠶᠤᠯ ᠲᠦᠭᠰᠢᠭᠦᠷᠢ ᠶᠢ ᠡᠮᠬᠢᠯᠡᠵᠦ ᠰᠤᠳᠤᠯᠤᠨ ᠮᠠᠭᠠᠳᠯᠠᠵᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠪᠣᠯᠭᠤᠮᠵᠢᠲᠠᠢ ᠰᠠᠶᠢᠲᠤᠷ ᠬᠢᠵᠦ᠂ ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ︶    4. ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠰᠤᠳᠤᠯᠤᠨ ᠲᠣᠭᠲᠠᠭᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠠᠵᠢᠯ ᠢ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠬᠤᠯᠪᠣᠭᠳᠠᠭᠰᠠᠨ ᠬᠠᠤᠯᠢ ᠲᠣᠭᠲᠠᠭᠠᠯ  ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠰᠦᠯᠵᠢᠶ᠎ᠡ ᠪᠠᠷ ᠬᠥᠭᠡᠷᠭᠡᠳᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ︶    5. ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠤᠣᠯᠳᠠᠯᠭ᠎ᠠ ᠲᠠᠢ ᠬᠥᠮᠥᠰ ᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠬᠦ ᠪᠠ ᠴᠠᠭ ᠲᠤᠬᠠᠢ ᠳᠤᠨᠢ ᠪᠠᠶᠢᠴᠠᠭᠠᠨ ᠲᠣᠳᠣᠯᠠᠬᠤ ᠶᠢᠨ ᠬᠠᠮᠲᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠬᠢᠴᠠᠭᠤᠯᠤᠨ ᠬᠠᠮᠵᠢᠯᠴᠠᠵᠤ ᠪᠠᠶᠢᠭᠠᠳ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ︵ᠬᠠᠷᠢᠭᠤᠴᠠᠯᠭᠠᠲᠤ ᠨᠢᠭᠡᠴᠡ᠄ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶    6. ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠡᠩᠨᠡᠭᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠭᠰᠢ ᠶᠢᠨ ᠳᠤᠲᠠᠭᠤᠳᠠᠯ ᠢ ᠭᠦᠢᠴᠡᠳ ᠨᠥᠬᠦᠪᠦᠷᠢᠯᠡᠵᠦ ᠭᠦᠢᠴᠡᠳ ᠲᠣᠬᠢᠷᠠᠭᠤᠯᠤᠨ᠂ ᠪᠠᠭᠰᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠲᠤᠰᠢᠶᠠᠯᠲᠤ ᠵᠢᠭᠠᠨ ᠰᠤᠳᠤᠯᠤᠭᠴᠢ ᠶᠢ ᠭᠦᠢᠴᠡᠳ ᠲᠣᠬᠢᠷᠠᠭᠤᠯᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶    7. ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠠᠭᠤᠷᠢ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠬᠢᠴᠢᠶᠡᠯ ᠤᠨ ᠭᠡᠷ᠂ ᠲᠤᠷᠰᠢᠯᠲᠠ ᠶᠢᠨ ᠲᠠᠰᠤᠭ ᠵᠡᠷᠭᠡ ᠴᠢᠳᠠᠮᠵᠢᠲᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠰ ᠬᠤᠪᠢᠶᠠᠨ ᠵᠢᠭᠠᠨ ᠰᠤᠷᠭᠠᠬᠤ᠂ ᠬᠢᠴᠢᠶᠡᠯ ᠰᠣᠩᠭᠤᠨ ᠠᠩᠭᠢ ᠰᠢᠯᠵᠢᠬᠦ ᠬᠡᠷᠡᠭᠴᠡᠭᠡ ᠳᠤ ᠵᠣᠬᠢᠴᠠᠭᠤᠯᠤᠨ᠎ᠠ᠃ᠥᠪᠡᠷᠲᠡᠭᠡᠨ ᠵᠠᠰᠠᠬᠤ ᠣᠷᠣᠨ ᠤ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ︾ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠲᠠᠪᠴᠠᠩ︾ ᠤᠨ ᠪᠣᠯᠪᠠᠰᠤᠷᠠᠭᠤᠯᠤᠯ ᠪᠠ ᠬᠡᠷᠡᠭᠯᠡᠭᠡᠨ ᠤ ᠠᠵᠢᠯ ᠢ ᠰᠠᠶᠢᠲᠤᠷ ᠬᠢᠨ᠎ᠡ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ︶     ᠭᠤᠷᠪᠠ᠂ ᠪᠤᠰᠤᠳ ᠵᠦᠢᠯ    ︵ᠨᠢᠭᠡ︶ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠰ ᠰᠠᠯᠠᠭ᠎ᠠ ᠮᠥᠴᠢᠷ ᠤᠨ ᠢᠶᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠥᠭᠡᠷᠡᠴᠢᠯᠡᠯᠲᠡ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃   ︵ᠬᠤᠶᠠᠷ︶ ᠬᠤᠶᠢᠰᠢᠳᠠ᠂ ᠬᠤᠰᠢᠭᠤᠨ ᠤ ᠤᠳᠤᠷᠢᠳᠤᠯᠭ᠎ᠠ  ᠠᠴᠠ ᠪᠤᠰᠤᠳ ᠬᠥᠮᠥᠰ ᠲᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ  ᠠᠴᠠ ᠥᠪᠡᠷ ᠢᠶᠠᠨ ᠲᠣᠬᠢᠷᠠᠭᠤᠯᠤᠯᠲᠠ ᠬᠢᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠭᠢᠵᠤ ᠠᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃                                                                                                   ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ                                                         2022 ᠣᠨ ᠤ 7 ᠰᠠᠷ᠎ᠠ ᠶᠢᠨ 26 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ