ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ ᠳᠥᠷᠪᠡᠳᠦᠭᠡᠷ ᠬᠤᠭᠤᠴᠠᠭᠠᠨ ᠤ ᠠᠯᠪᠠᠨ ᠮᠡᠳᠡᠭᠡ
ᠨᠡᠶᠢᠲᠡᠯᠡᠭᠰᠡᠨ ᠴᠠᠭ᠄
2022/12/19
           ᠤᠷᠠᠳ ᠵᠠᠰᠠᠭ ᠠᠯᠪᠠᠨ ᠲᠠᠷᠬᠠᠭᠠᠭᠰᠠᠨ 〔2022〕 109   ᠳ᠋ᠦ᠋ᠭᠡᠷ ᠲᠣᠭᠠᠲᠤᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︽ᠤᠷᠠᠳ ᠤᠨ ᠡᠮᠦᠨᠡᠲᠦ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠬᠡᠷᠡᠭᠵᠢᠭᠦᠯᠬᠦ ᠲᠥᠯᠥᠪᠯᠡᠭᠡ ︵2021 ︱ 2025︶︾ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠡᠷᠡᠭᠦᠯ ᠡᠩᠬᠡ ᠳᠤᠮᠳᠠᠳᠤ ᠤᠯᠤᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ᠂ ᠠᠷᠠᠳ ᠣᠯᠠᠨ ᠤ ᠪᠡᠶ᠎ᠡ ᠮᠠᠬᠠᠪᠤᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ︽ᠤᠷᠠᠳ ᠤᠨ ᠡᠮᠦᠨᠡᠲᠦ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025︶︾ ᠶᠢ ᠰᠤᠳᠤᠯᠤᠨ ᠲᠣᠭᠲᠠᠭᠠᠵᠤ᠂ ᠡᠳᠦᠭᠡ ᠲᠥᠰᠥᠯ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                                      ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ                                                      2022 ᠣᠨ ᠤ 11 ᠰᠠᠷ᠎ᠠ ᠶᠢᠨ 25 ᠤ ᠡᠳᠦᠷ       ᠤᠷᠠᠳ ᠤᠨ ᠡᠮᠦᠨᠡᠲᠦ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ︵2021 ︱ 2025︶     ᠡᠷᠡᠭᠦᠯ ᠡᠩᠬᠡ ᠳᠤᠮᠳᠠᠳᠤ ᠤᠯᠤᠰ ᠪᠣᠯᠣᠨ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ  ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠠᠷᠠᠳ ᠣᠯᠠᠨ ᠤ ᠪᠡᠶ᠎ᠡ ᠮᠠᠬᠠᠪᠤᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 ︱ 2025 ᠣᠨ︶︾ ︵ᠲᠥᠷᠥ ᠲᠠᠷᠬᠠᠭᠠᠭᠰᠠᠨ ﹇2021﹈ 11 ᠳ᠋ᠦᠭᠡᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ︵ᠥᠪᠥᠷ ᠵᠠᠰᠠᠭ ᠲᠠᠷᠬᠠᠭᠠᠭᠰᠠᠨ ﹇2022﹈ 13 ᠳ᠋ᠤᠭᠠᠷ ᠲᠣᠭᠠᠲᠤ︶᠂ ︽ᠪᠠᠶᠠᠨᠨᠠᠭᠤᠷ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠵᠡᠷᠭᠡ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠪᠠ᠄      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠭᠤᠴᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠪᠠᠶᠢᠯᠳᠤᠬᠤ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠮᠥᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ᠪᠥᠬᠦ ᠬᠤᠰᠢᠭᠤᠨ ᠤ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠢᠯᠯᠠᠭ᠎ᠠ ᠶᠢᠨ ᠥᠷᠨᠢᠯᠲᠡ ᠶᠢ ᠴᠢᠩᠭᠠᠳᠬᠠᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠰᠣᠶᠣᠯ ᠵᠡᠷᠭᠡ ᠡᠯ᠎ᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃      ᠬᠤᠶᠠᠷ᠂ ᠦᠨᠳᠦᠰᠦᠨ ᠵᠠᠷᠴᠢᠮ      1. ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠠᠷᠴᠢᠮ᠃ᠪᠡᠶ᠎ᠡ ᠶᠢᠨ ᠲᠠᠮᠢᠷ ᠬᠢᠭᠡᠳ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠣᠬᠢᠴᠠᠭᠤᠯᠤᠨ᠂ ᠪᠡᠶ᠎ᠡ ᠶᠢᠨ ᠲᠠᠮᠢᠷ ᠤᠨ ᠳᠣᠲᠣᠭᠠᠳᠤ ᠶᠢᠨ ᠵᠣᠬᠢᠴᠠᠩᠭᠤᠢ ᠬᠥᠭᠵᠢᠯᠲᠡ ᠶᠢᠨ ᠬᠠᠷᠢᠴᠠᠭ᠎ᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠪᠦᠬᠦ ᠲᠠᠯ᠎ᠠ ᠪᠠᠷ᠂ ᠦᠷᠭᠦᠯᠵᠢᠯᠡᠨ ᠬᠥᠭᠵᠢᠬᠦ ᠶᠢ ᠦᠨᠡᠨ ᠬᠦ ᠪᠠᠲᠤᠯᠠᠨ᠎ᠠ᠃      2. ᠨᠡᠶᠢᠭᠡᠮᠴᠢᠯᠡᠭᠰᠡᠨ ᠬᠥᠭᠵᠢᠯᠲᠡ ᠶᠢᠨ ᠵᠠᠷᠴᠢᠮ᠃ ᠵᠠᠰᠠᠭ  ᠤᠨ ᠣᠷᠳᠣᠨ ᠤ ᠪᠢ ᠶᠢᠨ ᠵᠡᠷᠭᠡ ᠤᠯᠠᠨ ᠵᠦᠢᠯ  ᠤᠨ ᠥᠮᠴᠢᠯᠡᠯ  ᠤᠨ ᠠᠵᠤ ᠠᠬᠤᠶᠢᠯᠠᠯ  ᠤᠨ ᠪᠡᠶ᠎ᠡ ᠶᠢᠨ ᠲᠠᠮᠢᠷ ᠤᠨ ᠦᠢᠯᠡᠰ ᠲᠤ ᠣᠷᠤᠯᠴᠠᠬᠤ ᠶᠢ ᠵᠣᠷᠢᠭᠵᠢᠭᠤᠯᠤᠨ ᠰᠠᠨᠠᠭᠠᠴᠢᠯᠠᠵᠤ᠂  ᠪᠡᠶ᠎ᠡ ᠶᠢᠨ ᠲᠠᠮᠢᠷ  ᠤᠨ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠬᠢᠭᠡᠳ ᠠᠮᠢᠵᠢᠷᠠᠯ  ᠤᠨ ᠬᠦᠴᠦᠨ  ᠢ  ᠨᠡᠮᠡᠭᠳᠡᠭᠦᠯᠦᠨ᠎ᠡ᠃      3. ᠬᠠᠤᠯᠢ ᠶᠣᠰᠣᠭᠠᠷ ᠪᠡᠶ᠎ᠡ ᠪᠠᠨ ᠵᠠᠰᠠᠬᠤ ᠵᠠᠷᠴᠢᠮ᠃ ᠪᠡᠶ᠎ᠡ ᠶᠢᠨ ᠲᠠᠮᠢᠷ  ᠤᠨ ᠬᠠᠤᠯᠢ ᠳᠦᠷᠢᠮ  ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ︽ᠪᠡᠶ᠎ᠡ ᠶᠢᠨ ᠲᠠᠮᠢᠷ  ᠤᠨ ᠬᠠᠤᠯᠢ︾ ᠪᠠᠷ ᠰᠠᠭᠤᠷᠢ ᠪᠣᠯᠭᠠᠭᠰᠠᠨ᠂ ᠪᠡᠶ᠎ᠡ ᠶᠢᠨ ᠲᠠᠮᠢᠷ  ᠤᠨ ᠵᠠᠰᠠᠭ ᠵᠠᠬᠢᠷᠭᠠᠨ  ᠤ ᠬᠠᠤᠯᠢ ᠲᠣᠭᠲᠠᠭᠠᠬᠤ᠂ ᠵᠠᠰᠠᠭ ᠵᠠᠬᠢᠷᠭᠠᠨ  ᠤ ᠵᠥᠪᠰᠢᠶᠡᠷᠡᠯ᠂ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠪᠠᠷ ᠭᠤᠣᠯ ᠠᠭᠤᠯᠭ᠎ᠠ ᠪᠣᠯᠭᠠᠭᠰᠠᠨ ᠨᠡᠯᠢᠶᠡᠳ ᠪᠦᠷᠢᠨ ᠲᠡᠭᠦᠯᠳᠡᠷ ᠪᠡᠶ᠎ᠡ ᠶᠢᠨ ᠲᠠᠮᠢᠷ  ᠤᠨ ᠬᠠᠤᠯᠢ ᠴᠠᠭᠠᠵᠠ ᠶᠢᠨ ᠳᠦᠷᠢᠮ  ᠤᠨ  ᠰᠢᠰᠲ᠋ᠧᠮᠵᠢ ᠶᠢ ᠠᠯᠬᠤᠮ ᠠᠯᠬᠤᠮ ᠢᠶᠠᠷ ᠪᠤᠢ ᠪᠣᠯᠭᠠᠬᠤ ᠬᠡᠷᠡᠭᠲᠡᠢ᠃      ᠭᠤᠷᠪᠠ᠂ ᠬᠥᠭᠵᠢᠯᠲᠡ ᠶᠢᠨ ᠬᠠᠷᠠᠯᠲᠠ     ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠰᠠᠭᠤᠷᠢᠨ ᠳᠡᠭᠡᠷ᠎ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠦᠷᠭᠦᠯᠵᠢᠯᠡᠨ ᠴᠢᠷᠮᠠᠶᠢᠵᠤ᠂ ᠳ᠋ᠧ ᠷᠦᠨ ᠤᠷᠠᠳ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠡᠮᠦᠨ᠎ᠡ ᠬᠤᠰᠢᠭᠤᠨ ᠤ ᠥᠯᠢᠭᠡᠷ ᠢ ᠰᠠᠶᠢᠲᠤᠷ ᠶᠠᠷᠢᠵᠤ᠂ ᠡᠮᠦᠨ᠎ᠡ ᠬᠤᠰᠢᠭᠤᠨ ᠤ ᠨᠡᠷ᠎ᠡ ᠶᠢᠨ ᠬᠠᠭᠤᠳᠠᠰᠤ ᠶᠢ ᠡᠭᠦᠳᠴᠦ᠂ ᠰᠣᠶᠣᠯ ᠢᠶᠠᠷ ᠬᠤᠰᠢᠭᠤ ᠪᠠᠨ ᠮᠠᠨᠳᠤᠭᠤᠯᠬᠤ᠂ ᠪᠡᠶ᠎ᠡ ᠶᠢᠨ ᠲᠠᠮᠢᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠵᠢᠭᠤᠯᠴᠢᠯᠠᠯ ᠢᠶᠠᠷ ᠬᠤᠰᠢᠭᠤ ᠪᠠᠨ ᠠᠮᠢᠳᠤᠯᠢᠭ ᠪᠣᠯᠭᠠᠬᠤ ᠪᠠᠷ ᠬᠠᠷᠠᠯᠲᠠ ᠪᠣᠯᠭᠠᠨ᠂ ᠨᠠᠷᠠᠲᠤ ᠲᠡᠮᠳᠡᠭᠲᠦ ᠤᠷᠠᠳ᠂ ᠷᠢᠳᠢ ᠰᠢᠳᠢ ᠲᠠᠢ ᠤᠷᠠᠳ᠂ ᠠᠮᠢᠵᠢᠷᠠᠯ ᠤᠨ ᠬᠦᠴᠦᠨ ᠲᠠᠢ ᠤᠷᠠᠳ᠂ ᠪᠢᠴᠢᠭ ᠤᠨ ᠰᠤᠷᠪᠤᠯᠵᠢᠲᠤ ᠤᠷᠠᠳ᠂ ᠣᠶᠤᠨᠲᠤ ᠤᠷᠠᠳ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ᠂ ᠳᠤᠮᠳᠠᠳᠤ ᠶᠢᠨ ᠦᠱᠦ ᠶᠢᠨ ᠨᠤᠲᠤᠭ᠂ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ᠂ ᠳᠤᠮᠳᠠᠳᠤ ᠶᠢᠨ ᠮᠢᠭᠮᠠᠨ ᠤ ᠨᠤᠲᠤᠭ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠴᠣᠭᠴᠠᠯᠠᠨ᠎ᠠ᠃ᠤᠷᠠᠳ ᠤᠨ ᠡᠮᠦᠨᠡᠲᠦ ᠬᠤᠰᠢᠭᠤᠨ ᠤ ᠪᠡᠶ᠎ᠡ ᠶᠢᠨ ᠲᠠᠮᠢᠷ ᠤᠨ ᠪᠦᠬᠦᠯᠢ ᠴᠣᠭᠴᠠ ᠶᠢᠨ ᠪᠣᠳᠠᠲᠤ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠭᠤᠯᠤᠮᠵᠢ ᠲᠣᠭᠲᠠᠴᠠ ᠠᠮᠢᠳᠤᠯᠢᠭ᠂ ᠴᠢᠳᠠᠪᠤᠷᠢᠲᠠᠨ ᠤ ᠪᠦᠲᠦᠴᠡ ᠵᠣᠬᠢᠰᠲᠠᠢ᠂ ᠲᠠᠯᠠᠪᠠᠢ ᠶᠢᠨ ᠲᠥᠬᠦᠭᠡᠷᠦᠮᠵᠢ ᠰᠢᠯᠢᠳᠡᠭ᠂ ᠤᠯᠠᠨ ᠲᠦᠮᠡᠨ ᠤ ᠪᠡᠶ᠎ᠡ ᠶᠢᠨ ᠲᠠᠮᠢᠷ ᠲᠦᠭᠡᠮᠡᠯᠵᠢᠭᠰᠡᠨ᠂ ᠪᠡᠶ᠎ᠡ ᠶᠢᠨ ᠲᠠᠮᠢᠷ ᠤᠨ ᠠᠵᠤ ᠦᠢᠯᠡᠰ ᠴᠡᠴᠡᠭᠯᠡᠨ ᠬᠥᠭᠵᠢᠭᠰᠡᠨ᠂ ᠤᠷᠤᠯᠳᠤᠭᠠᠨ ᠤ ᠠᠵᠢᠯᠯᠠᠭ᠎ᠠ ᠪᠠᠶᠠᠯᠢᠭ᠂ ᠡᠯ᠎ᠡ ᠪᠡᠶ᠎ᠡ ᠶᠢᠨ ᠲᠠᠮᠢᠷ ᠤᠨ ᠨᠡᠶᠢᠭᠡᠮᠯᠢᠭ ᠬᠥᠭᠵᠢᠶᠡᠨ ᠲᠠᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠨ᠎ᠠ᠃     ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯᠴᠢ ᠪᠣᠯᠬᠤ ᠳᠤ᠂ ᠤᠷᠠᠳ ᠤᠨ ᠡᠮᠦᠨᠡᠲᠦ ᠬᠤᠰᠢᠭᠤᠨ ᠤ ᠪᠡᠶ᠎ᠡ ᠶᠢᠨ ᠲᠠᠮᠢᠷ ᠤᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠨᠢ ᠴᠠᠭ ᠦᠶ᠎ᠡ ᠶᠢᠨ ᠱᠠᠭᠠᠷᠳᠠᠯᠭ᠎ᠠ ᠳᠤ ᠨᠠᠩ ᠵᠣᠬᠢᠴᠠᠬᠤ ᠪᠠ ᠠᠷᠠᠳ ᠲᠦᠮᠡᠨ ᠤ ᠬᠡᠷᠡᠭᠴᠡᠭᠡ ᠶᠢ ᠬᠠᠩᠭᠠᠵᠤ᠂ ᠠᠷᠠᠳ ᠣᠯᠠᠨ ᠤ ᠪᠡᠶ᠎ᠡ ᠶᠢᠨ ᠲᠠᠮᠢᠷ ᠲᠤ ᠣᠷᠤᠯᠴᠠᠬᠤ ᠵᠣᠯ ᠵᠢᠷᠭᠠᠯ ᠤᠨ ᠰᠡᠳᠬᠢᠭᠳᠡᠯ ᠢ ᠢᠯᠡᠳᠲᠡ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠭᠤᠣᠯᠯᠠᠬᠤ ᠥᠷᠢᠰᠦᠯᠳᠦᠬᠦ ᠬᠦᠴᠦᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠰᠢᠨ᠎ᠡ ᠭᠠᠷᠤᠭ᠎ᠠ ᠳᠡᠭᠡᠷ᠎ᠡ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠨ᠎ᠡ᠃    ᠨᠢᠭᠡ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠣᠳᠣ ᠦᠶ᠎ᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠣᠷᠴᠢᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠨᠡᠮᠡᠭᠳᠡᠯ ᠤᠨ ᠳᠡᠰ ᠠᠷᠠᠳ ᠣᠯᠠᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠶᠢ ᠨᠡᠩ ᠳᠥᠭᠦᠮ ᠳᠥᠲᠡ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠤᠯᠴᠠᠬᠤ ᠬᠥᠮᠥᠨ ᠤ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ 45% ᠳᠤ ᠬᠦᠷᠦᠭᠦᠯᠵᠦ᠂ ᠭᠤᠷᠪᠠᠳᠤᠭᠠᠷ ᠳᠡᠰ ᠤᠨ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠪᠠ ᠬᠤᠲᠠ ᠲᠣᠭᠤᠷᠢᠭ ᠤᠨ 10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠮᠢᠩᠭᠠᠨ ᠬᠥᠮᠥᠨ ᠪᠦᠷᠢ ᠳᠤ 3 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠲᠠᠢ ᠪᠣᠯᠭᠠᠵᠤ᠂ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ 3.5 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠶᠢ 92% ᠲᠤ ᠬᠦᠷᠦᠭᠦᠯᠦᠨ᠎ᠡ᠃     ᠬᠤᠶᠠᠷ ᠲᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠠᠯ᠎ᠠ ᠪᠠᠷ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠨ᠎ᠠ᠃ᠤᠷᠠᠳ ᠤᠨ ᠡᠮᠦᠨᠡᠲᠦ ᠬᠤᠰᠢᠭᠤᠨ ᠤ ᠭᠠᠵᠠᠷ ᠣᠷᠣᠨ ᠤ ᠣᠨᠴᠠᠯᠢᠭ ᠲᠤ ᠰᠠᠭᠤᠷᠢᠯᠠᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠵᠠᠭᠪᠤᠷ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ᠡᠯ᠎ᠡ ᠲᠥᠷᠥᠯ ᠤᠨ ᠤᠷᠤᠯᠳᠤᠭᠠᠨ ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠠᠵᠢᠯ ᠤᠨ ᠦᠷ᠎ᠡ ᠪᠦᠲᠦᠮᠵᠢ ᠶᠢ ᠢᠯᠡᠳᠲᠡ ᠪᠣᠯᠭᠠᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠳᠣᠲᠣᠷ᠎ᠠ᠂ ᠰᠤᠷᠭᠠᠭᠤᠯᠢ ᠶᠢᠨ ᠭᠠᠳᠠᠨ᠎ᠠ ᠲᠣᠰ ᠲᠣᠰ 1 ᠴᠠᠭ ‍ᠤᠨ‌ᠤᠷᠤᠯᠳᠤᠭᠠᠨ ᠤ ᠪᠡᠶ᠎ᠡ ᠶᠢᠨ ᠲᠠᠮᠢᠷ ᠢ ᠨᠢᠯᠬ᠎ᠠ ᠬᠡᠦᠬᠡᠳ᠂ ᠪᠠᠭ᠎ᠠ ᠰᠤᠷᠭᠠᠭᠤᠯᠢ ᠶᠢᠨ ᠳᠤᠷ᠎ᠠ ᠰᠣᠨᠢᠷᠬᠠᠯ ᠠᠴᠠ ᠡᠬᠢᠯᠡᠨ ᠠᠳᠬᠤᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠳᠡᠭᠡᠭᠰᠢᠯᠡᠭᠰᠡᠨ ᠴᠢᠳᠠᠪᠤᠷᠢᠲᠠᠨ ᠤ ᠱᠠᠲᠤᠯᠵᠢᠨ ᠡᠩᠨᠡᠭᠡ ᠶᠢ ᠪᠤᠢ ᠪᠣᠯᠭᠠᠨ᠎ᠠ᠃ᠡᠯ᠎ᠡ ᠰᠤᠷᠭᠠᠭᠤᠯᠢ ᠶᠢᠨ ᠣᠨᠴᠠ ᠴᠢᠳᠠᠪᠤᠷᠢ ᠲᠠᠢ ᠲᠥᠷᠥᠯ ᠵᠦᠢᠯ ᠢ ᠠᠭᠤᠳᠠᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠢ ᠡᠷᠭᠢᠯᠡᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠷᠤᠮᠵᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠭᠦᠯᠦᠨ᠎ᠡ᠃     ᠭᠤᠷᠪᠠ ᠳᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠰᠢᠨ᠎ᠡ ᠠᠬᠢᠴᠠ ᠲᠠᠢ ᠪᠣᠯᠪᠠ᠃ᠨᠠᠷᠠᠲᠤ ᠲᠡᠮᠳᠡᠭᠲᠦ ᠪᠡᠶ᠎ᠡ ᠶᠢᠨ ᠲᠠᠮᠢᠷ ᠤᠨ ᠤᠷᠤᠯᠳᠤᠭᠠᠨ ‍ᠤ‌‍ᠪᠦ᠋ᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠳᠡᠭᠡᠳᠦ ᠳᠡᠰ ᠤᠨ ᠤᠷᠤᠯᠳᠤᠭᠠᠨ ᠢ ᠡᠷᠬᠢᠯᠡᠬᠦ ᠪᠠᠷ ᠢᠳᠡᠪᠬᠢᠲᠡᠢ ᠭᠤᠶᠤᠴᠢᠯᠠᠵᠤ᠂ ᠨᠡᠶᠢᠭᠡᠮ ᠤᠨ ᠬᠦᠴᠦᠨ ᠤ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠡᠷᠬᠢᠯᠡᠬᠦ ᠶᠢ ᠳᠡᠮᠵᠢᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠳᠤ ᠦᠵᠡᠭᠦᠯᠬᠦ ᠲᠠᠮᠢᠷ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠰᠡᠯᠡᠭᠦᠴᠡᠯ ᠪᠠ ᠤᠷᠤᠯᠳᠤᠭᠠᠨ ᠤ ᠲᠣᠭᠯᠠᠯᠲᠠ ᠪᠠᠷ ᠲᠣᠯᠣᠭᠠᠶᠢᠯᠠᠭᠤᠯᠬᠤ  ᠶᠢ ᠲᠦᠷᠭᠡᠳᠬᠡᠨ ᠪᠤᠶ ᠪᠣᠯᠭᠠᠵᠤ᠂ ︽ᠪᠡᠶ᠎ᠡ ᠶᠢᠨ ᠲᠠᠮᠢᠷ +︾᠂ ︽+ ᠪᠡᠶ᠎ᠡ ᠶᠢᠨ ᠲᠠᠮᠢᠷ︾ ᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠬᠢᠭᠡᠳ ᠰᠣᠶᠣᠯ᠂ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠠᠶᠢᠨ ᠰᠦᠪᠡᠭᠴᠢᠯᠡᠵᠦ᠂ ᠪᠡᠶ᠎ᠡ ᠶᠢᠨ ᠲᠠᠮᠢᠷ ᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠂ ᠨᠢᠭᠡ ᠪᠦᠯᠦᠭ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠣᠷᠣᠨ ᠪᠦᠰᠡ ᠶᠢ ᠰᠦᠪᠡᠭᠴᠢᠯᠡᠨ ᠪᠠᠶᠢᠭᠤᠯᠵᠤ ᠴᠣᠭᠴᠠᠯᠠᠨ ᠪᠠᠶᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠣᠲᠣ ᠦᠶ᠎ᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠬᠥᠳᠡᠯᠭᠡᠭᠦ ᠬᠦᠴᠦᠨ ᠤ ᠦᠢᠯᠡᠳᠦᠯ ᠢ ᠭᠦᠢᠴᠡᠳ ᠢᠯᠡᠷᠡᠭᠦᠯᠦᠨ᠎ᠡ᠃       ᠳᠥᠷᠪᠡ᠂ ᠭᠤᠣᠯᠳᠠᠯᠭ᠎ᠠ ᠲᠠᠢ ᠠᠵᠢᠯ ᠤᠨ ᠡᠭᠦᠷᠭᠡ      ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠨᠲᠡ ᠰᠤᠮᠤ ᠪᠠᠯᠭᠠᠰᠤᠨ ᠤ ᠪᠡᠶ᠎ᠡ ᠴᠢᠭᠢᠷᠠᠭᠵᠢᠭᠤᠯᠬᠤ ᠲᠠᠯᠠᠪᠠᠶ ᠪᠠ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠤᠷᠠᠳ ᠤᠨ ᠡᠮᠦᠨᠡᠲᠦ ᠬᠤᠰᠢᠭᠤᠨ ᠤ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠬᠤ ᠪᠠᠷ ᠴᠢᠷᠮᠠᠶᠢᠬᠤ ᠶᠢᠨ ᠬᠠᠮᠲᠤ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠠᠵᠠ ᠲᠣᠬᠢᠶᠠᠯ ᠪᠣᠯᠭᠠᠨ᠂ ᠥᠷᠭᠡᠨ ᠣᠯᠠᠨ ᠮᠠᠯᠴᠢᠨ ᠲᠠᠷᠢᠶᠠᠴᠢᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠮᠠᠭᠠᠯᠠᠨ᠎ᠠ᠃ᠬᠤᠳᠠ ᠬᠥᠳᠡᠭᠡ ᠶᠢᠨ ᠪᠡᠶ᠎ᠡ ᠶᠢᠨ ᠲᠠᠮᠢᠷ ᠤᠨ ᠬᠤᠣᠰ ᠴᠢᠭᠯᠡᠯ ᠢᠶᠠᠷ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠬᠠᠪᠰᠤᠷᠤᠯᠴᠠᠬᠤ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠡᠶ᠎ᠡ ᠶᠢᠨ ᠲᠠᠮᠢᠷ ᠤᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠪᠡᠶ᠎ᠡ ᠶᠢᠨ ᠲᠠᠮᠢᠷ ᠤᠨ ᠭᠤᠣᠯᠴᠢ ᠪᠠᠶᠢᠬᠤ ᠵᠢ‌‍ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠤᠷᠤᠯᠳᠤᠭᠠᠨ ᠤ ᠡᠬᠢ ᠪᠠᠶᠠᠯᠢᠭ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠬᠥᠳᠡᠭᠡ ᠲᠣᠰᠬᠤᠨ ᠳᠤ ᠳᠣᠷᠣᠭᠰᠢ ᠪᠠᠭᠤᠯᠭᠠᠵᠤ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠰᠡᠯᠡᠭᠦᠴᠡᠯ ᠢ ᠶᠡᠬᠡᠪᠡᠷ ᠬᠥᠭᠵᠢᠭᠦᠯᠦᠨ᠂ ︽ᠪᠡᠶ᠎ᠡ ᠶᠢᠨ ᠲᠠᠮᠢᠷ +︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ᠂ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠣᠶᠢᠮ᠎ᠠ ᠮᠠᠯᠴᠢᠨ ᠲᠠᠷᠢᠶᠠᠴᠢᠨ ᠤ ᠣᠨᠴᠠᠯᠢᠭᠲᠤ ᠪᠡᠶ᠎ᠡ ᠶᠢᠨ ᠲᠠᠮᠢᠷ ᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠪᠡᠶ᠎ᠡ ᠶᠢᠨ ᠲᠠᠮᠢᠷ ᠤᠨ ᠰᠣᠶᠣᠯ ᠤᠨ ᠠᠵᠤ ᠦᠢᠯᠡᠰ ᠢ ᠬᠥᠭᠵᠢᠭᠦᠯᠦᠨ᠂ 30% ᠶᠢᠨ ᠰᠤᠮᠤ ᠪᠠᠯᠭᠠᠰᠤᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠪᠠᠶᠢᠭᠤᠯᠬᠤ ᠵᠢ‌ᠭᠠᠵᠠᠷ ᠰᠢᠷᠣᠢ ᠵᠡᠷᠭᠡ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠵᠡᠭᠡᠯᠢ ᠭᠤᠳᠤᠮᠵᠢ ᠶᠢᠨ ᠵᠦᠯᠭᠡ ᠭᠠᠵᠠᠷ᠂ ᠲᠠᠯᠠᠪᠠᠶ᠂ ᠴᠡᠴᠡᠷᠯᠢᠭ ᠵᠡᠷᠭᠡ ᠲᠠᠢ ᠤᠶᠠᠯᠳᠤᠭᠤᠯᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ᠂ ᠪᠡᠶ᠎ᠡ ᠴᠢᠭᠢᠷᠠᠭᠵᠢᠭᠤᠯᠬᠤ ᠨᠣᠭᠤᠭᠠᠨ ᠵᠠᠮ ᠵᠡᠷᠭᠡ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ 10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠴᠠᠭᠠᠷᠢᠭ ᠢ ᠪᠠᠶᠢᠭᠤᠯᠤᠨ᠎ᠠ᠃       ︵ᠨᠢᠭᠡ︶ ᠤᠯᠠᠨ ᠲᠦᠮᠡᠨ ᠤ ᠪᠡᠶ᠎ᠡ ᠶᠢᠨ ᠲᠠᠮᠢᠷ      ᠲᠥᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ︽ᠪᠡᠶ᠎ᠡ ᠶᠢᠨ ᠲᠠᠮᠢᠷ ᠤᠨ ᠠᠵᠤ ᠦᠢᠯᠡᠰ ᠢ ᠴᠢᠩᠭᠠᠳᠬᠠᠨ ᠬᠥᠭᠵᠢᠭᠦᠯᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠲᠤᠬᠠᠢ ᠰᠠᠨᠠᠯ ᠤᠳ︾ ᠢ ᠦᠨᠳᠦᠰᠦᠯᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠠᠷᠠᠳ ᠲᠦᠮᠡᠨ ᠤ ᠪᠡᠶ᠎ᠡ ᠮᠠᠬᠠᠪᠤᠳ ᠢ ᠴᠢᠭᠢᠷᠠᠭᠵᠢᠭᠤᠯᠬᠤ᠂ ᠪᠡᠶ᠎ᠡ ᠴᠢᠭᠢᠷᠠᠭᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠦᠨᠳᠦᠰᠦᠨ ᠬᠠᠷᠠᠯᠲᠠ ᠪᠣᠯᠭᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠪᠣᠬᠢᠷᠳᠤᠯ ᠦᠭᠡᠢ ᠠᠵᠤ ᠦᠢᠯᠡᠰ᠂ ᠥᠭᠡᠳᠡᠯᠡᠬᠦ ᠠᠵᠤ ᠦᠢᠯᠡᠰ ᠢᠶᠠᠷ ᠲᠡᠳᠬᠦᠨ ᠳᠡᠮᠵᠢᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠭᠠᠵᠤ᠂ 2025 ᠣᠨ ᠪᠣᠯᠬᠤ ᠳᠤ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠪᠥᠬᠦ ᠠᠷᠠᠳ ᠲᠤ ᠦᠨᠳᠦᠰᠦᠨ ᠳᠡᠭᠡᠨ ᠪᠦᠷᠬᠦᠭᠦᠯᠦᠨ᠎ᠡ᠃      1. ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠭᠦᠢᠴᠡᠳ ᠴᠢᠬᠤᠯᠠᠴᠢᠯᠠᠵᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠳᠠᠳᠬᠠᠯ ᠢ ᠬᠥᠮᠥᠵᠢᠭᠦᠯᠦᠨ᠂ ᠨᠡᠶᠢᠭᠡᠮ ᠳᠠᠶᠠᠭᠠᠷ ᠲᠤ ᠪᠡᠶ᠎ᠡ ᠶᠢᠨ ᠲᠠᠮᠢᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠶᠡᠬᠡᠪᠡᠷ ᠥᠷᠨᠢᠭᠦᠯᠦᠨ᠎ᠡ᠃ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ᠂ ᠪᠦᠬᠦ ᠬᠤᠰᠢᠭᠤᠨ ᠤ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠢ ᠲᠠᠮᠢᠷ ᠤᠨ ᠬᠥᠳᠡᠯᠭᠡᠭᠡᠨ ᠢ ᠴᠢᠷᠮᠠᠶᠢᠨ ᠡᠷᠬᠢᠯᠡᠵᠦ᠂ ᠣᠯᠠᠨ ᠲᠦᠮᠡᠨ ᠤ ᠳᠤᠷ᠎ᠠ ᠪᠠᠬ᠎ᠠ ᠶᠢ ᠶᠡᠬᠡᠳᠡ ᠲᠠᠲᠠᠭᠰᠠᠨ ᠤᠯᠠᠭᠠᠨᠰᠤᠬᠠᠢ  ᠶᠢ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ᠂ ᠮᠤᠨᠢ ᠠᠭᠤᠯᠠ ᠶᠢᠨ ᠮᠣᠷᠢᠨ ᠤᠷᠤᠯᠳᠤᠭᠠᠨ ᠤ ᠪᠠᠶᠠᠷ ᠢ ᠤᠯᠤᠰ ᠤᠨ ᠳᠡᠰ ᠤᠨ ᠨᠡᠷᠡᠲᠦ ᠲᠡᠮᠳᠡᠭᠲᠦ ᠤᠷᠤᠯᠳᠤᠭᠠᠨ ᠤ ᠶᠠᠪᠤᠳᠠᠯ ᠪᠣᠯᠭᠠᠨ ᠡᠷᠭᠢᠯᠡᠵᠦ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠲᠠᠮᠢᠷ ᠪᠥᠵᠢᠭ ᠵᠡᠷᠭᠡ ᠮᠠᠨ ᠤ ᠬᠤᠰᠢᠭᠤᠨ ᠤ ᠣᠨᠴᠠᠯᠢᠭᠲᠤ ᠨᠠᠷᠠᠲᠤ ᠲᠡᠮᠳᠡᠭ ᠤᠨ ᠤᠷᠤᠯᠳᠤᠭᠠᠨ ᠢ ᠵᠢᠯ ᠪᠦᠷᠢ ᠳᠤᠮᠳᠠᠴᠢ ᠪᠠᠷ 12 ᠤᠳᠠᠭ᠎ᠠ ᠠᠴᠠ ᠳᠡᠭᠡᠭᠰᠢ ᠡᠷᠭᠢᠯᠡᠵᠦ᠂ ᠣᠯᠠᠨ ᠲᠦᠮᠡᠨ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠣᠷᠤᠯᠴᠠᠬᠤ ᠬᠥᠮᠥᠨ ᠤ ᠲᠤᠭ᠎ᠠ ᠶᠢ ᠨᠡᠮᠡᠭᠳᠡᠭᠦᠯᠦᠨ᠂ ᠣᠯᠠᠨ ᠲᠦᠮᠡᠨ ᠤ ᠪᠡᠶ᠎ᠡ ᠮᠠᠬᠠᠪᠤᠳ ᠢ ᠢᠯᠡᠳᠲᠡ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠬᠥᠮᠥᠨ ᠠᠮᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃      2. ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠣᠣᠷ2014 ᠣᠨ ᠳᠤ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠢ ᠪᠠᠶᠢᠭᠤᠯᠵᠤ᠂ ᠲᠡᠭᠦᠨ ᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠭᠤᠯᠤᠨ ᠡᠯ᠎ᠡ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠤᠨ ᠬᠠᠷᠢᠴᠠᠭ᠎ᠠ ᠶᠢ ᠵᠣᠬᠢᠴᠠᠭᠤᠯᠵᠤ᠂ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠨᠡᠶᠢᠭᠡᠮ ᠤᠨ ᠴᠢᠳᠠᠮᠵᠢ ᠶᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠪᠠ ᠡᠯ᠎ᠡ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠠᠬᠢ ᠦᠢᠯᠡᠳᠦᠯ ᠢ ᠭᠦᠢᠴᠡᠳ ᠪᠠᠳᠠᠷᠠᠭᠤᠯᠪᠠ᠃︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠠᠶ ᠶᠢ 3.5 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠤᠭᠤᠳᠬᠤ ᠥᠷᠲᠡᠭᠡ ︵ᠴᠢᠭ᠋︶ ᠶᠢ 50  ᠠᠴᠠ ᠳᠡᠭᠡᠭᠰᠢ ᠳᠤ ᠬᠦᠷᠲᠡᠯ᠎ᠡ ᠬᠥᠭᠵᠢᠭᠦᠯᠦᠨ᠎ᠡ᠃ᠪᠥᠬᠦ ᠬᠤᠰᠢᠭᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠶᠡᠷᠦᠩᠬᠡᠢ ᠲᠤᠭ᠎ᠠ ᠶᠢ 20  ᠠᠴᠠ ᠳᠡᠭᠡᠭᠰᠢ ᠳᠤ ᠬᠦᠷᠦᠭᠦᠯᠵᠦ᠂ 2025 ᠣᠨ ᠪᠣᠯᠬᠤ ᠳᠤ᠂ ᠪᠥᠬᠦ ᠬᠤᠰᠢᠭᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠬᠠᠷᠢᠴᠠᠯ ᠢ ᠮᠢᠩᠭᠠᠨ ᠤ ᠭᠤᠷᠪᠠ ᠳᠤ ᠬᠦᠷᠦᠭᠦᠯᠵᠦ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠶᠡᠬᠡᠪᠡᠷ ᠬᠥᠭᠵᠢᠭᠦᠯᠦᠨ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠴᠥᠮ 12  ᠠᠴᠠ ᠳᠡᠭᠡᠭᠰᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠲᠠᠢ ᠪᠠᠶᠢᠬᠤ ᠶᠢ ᠪᠠᠲᠤᠯᠠᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠨᠡᠮᠡᠭᠳᠡᠭᠦᠯᠦᠨ᠂ ᠪᠡᠶ᠎ᠡ ᠴᠢᠭᠢᠷᠠᠭᠵᠢᠭᠤᠯᠬᠤ ᠰᠦᠯᠵᠢᠶ᠎ᠡ ᠪᠠᠷ ᠪᠦᠬᠦᠨ ᠢ ᠬᠠᠮᠤᠷᠬᠤ ᠶᠢ ᠪᠣᠶ ᠪᠣᠯᠭᠠᠨ᠎ᠠ᠃     3. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ᠣᠶᠢᠷ᠎ᠠ ᠶᠢᠨ ᠵᠢᠯ ᠤᠳ ᠲᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠬᠤᠰᠢᠭᠤᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠪᠠᠶᠢᠭᠤᠯᠤᠭᠰᠠᠨ ᠤᠷᠠᠳ ᠤᠨ ᠡᠮᠦᠨᠡᠲᠦ ᠬᠤᠰᠢᠭᠤᠨ ᠤ ᠪᠡᠶ᠎ᠡ ᠶᠢᠨ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ 2022 ᠣᠨ ᠤ ᠰᠡᠭᠦᠯᠴᠢ ᠪᠠᠷ ᠠᠰᠢᠭᠯᠠᠯᠲᠠ ᠳᠤ ᠣᠷᠣᠭᠤᠯᠪᠠ᠃︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠪᠠᠶᠢᠭᠤᠯᠬᠤ ᠪᠠᠷ ᠲᠥᠯᠥᠪᠵᠢᠭᠦᠯᠵᠦ᠂ ᠣᠷᠳᠣᠨ ᠳᠤ ᠪᠠᠷᠢᠮᠵᠢᠶᠠᠲᠤ ᠰᠠᠭᠰᠤᠨ ᠪᠥᠮᠪᠦᠭᠡ ᠶᠢᠨ ᠲᠠᠯᠠᠪᠤᠷ᠂ ᠠᠯᠠᠭᠠᠳᠠᠬᠤ ᠪᠥᠮᠪᠦᠭᠡ ᠶᠢᠨ ᠲᠠᠯᠠᠪᠤᠷ ᠵᠡᠷᠭᠡ ᠶᠡᠷᠦᠩᠬᠡᠶᠢᠯᠡᠭᠰᠡᠨ ᠲᠠᠯᠠᠪᠤᠷ ᠭᠠᠷᠭᠠᠵᠤ᠂ ᠲᠣᠭᠲᠠᠮᠠᠯ ᠦᠵᠡᠭᠴᠢᠳ ᠤᠨ ᠲᠠᠶᠢᠰᠠ ᠪᠠ ᠰᠤᠨᠵᠤ ᠠᠪᠴᠢᠵᠤ ᠪᠣᠯᠬᠤ ᠦᠵᠡᠭᠴᠢᠳ ᠤᠨ ᠲᠠᠶᠢᠰᠠ ᠲᠠᠢ ᠪᠠᠶᠢᠯᠭᠠᠨ᠎ᠠ︔ᠤᠷᠠᠳ ᠤᠨ ᠡᠮᠦᠨᠡᠲᠦ ᠬᠤᠰᠢᠭᠤᠨ ᠤ ᠮᠤᠨᠢ ᠠᠭᠤᠯᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠢ ᠲᠥᠯᠥᠪᠵᠢᠭᠦᠯᠦᠨ ᠪᠠᠶᠢᠭᠤᠯᠵᠤ᠂ ᠴᠡᠴᠡᠷᠯᠢᠭ ᠤᠨ ᠳᠣᠲᠣᠷ᠎ᠠ ᠬᠥᠯ ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠠᠯᠠᠭᠠᠳᠠᠬᠤ ᠪᠥᠮᠪᠦᠭᠡ ᠶᠢᠨ ᠲᠠᠯᠠᠪᠤᠷ᠂ ᠲᠣᠣᠷ ᠪᠥᠮᠪᠦᠭᠡ ᠶᠢᠨ ᠲᠠᠯᠠᠪᠤᠷ᠂ ᠬᠦᠷᠳᠦᠲᠦ ᠲᠡᠰᠢᠯᠲᠡ ᠶᠢᠨ ᠲᠠᠯᠠᠪᠤᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ᠂ ᠪᠡᠶ᠎ᠡ ᠴᠢᠭᠢᠷᠠᠭᠵᠢᠭᠤᠯᠬᠤ ᠵᠠᠮ᠂ ᠪᠡᠶ᠎ᠡ ᠴᠢᠭᠢᠷᠠᠭᠵᠢᠭᠤᠯᠬᠤ ᠵᠠᠮ ᠵᠡᠷᠭᠡ ᠲᠥᠷᠥᠯ ᠵᠦᠢᠯ ᠢ ᠲᠥᠯᠥᠪᠵᠢᠭᠦᠯᠦᠨ ᠪᠠᠶᠢᠭᠤᠯᠵᠤ᠂ ᠴᠡᠴᠡᠷᠯᠢᠭ ᠤᠨ ᠪᠠᠶᠢᠭᠤᠯᠤᠯᠲᠠ ᠨᠢ ᠮᠠᠨ ᠤ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ︔ᠤᠯᠠᠭᠠᠨᠰᠤᠬᠠᠢ ᠶᠢᠨ ᠡᠷᠬᠢᠨ ᠲᠣᠭᠤᠷᠢᠨ‌‍ᠲ᠋ᠤ ᠮᠢᠩᠭ᠎ᠠ ᠰᠢᠬᠠᠮ  ᠮᠦ ᠤᠰᠤᠨ  ᠤ ᠴᠠᠷᠠᠭ᠎ᠠ ᠶᠢ ᠲᠥᠯᠥᠪᠵᠢᠭᠦᠯᠵᠦ᠂ ᠤᠰᠤᠨ ᠳᠡᠭᠡᠷᠡᠬᠢ ᠲᠦᠷᠦᠯ ᠵᠦᠢᠯ ᠪᠣᠯᠣᠨ ᠮᠥᠰᠥᠨ ᠳᠡᠭᠡᠷᠡᠬᠢ ᠲᠦᠷᠦᠯ ᠵᠦᠢᠯ  ᠤᠨ ᠰᠠᠭᠤᠷᠢᠨ ᠭᠠᠵᠠᠷ  ᠢ ᠨᠡᠭᠡᠭᠡᠨ ᠬᠥᠭᠵᠢᠭᠦᠯᠦᠨ᠎ᠡ᠃ ᠡᠲᠡᠭᠡᠷ ᠲᠥᠷᠥᠯ ᠵᠦᠢᠯ ᠢ ᠪᠠᠶᠢᠭᠤᠯᠬᠤ ᠨᠢ ᠪᠥᠬᠦ ᠬᠤᠰᠢᠭᠤᠨ ᠤ ᠠᠷᠠᠳ ᠲᠦᠮᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠨᠡᠯᠢᠶᠡᠳ ᠰᠠᠶᠢᠨ ᠨᠥᠬᠦᠴᠡᠯ ᠢ ᠪᠦᠷᠢᠯᠳᠦᠭᠦᠯᠵᠦ ᠥᠭᠬᠦ ᠶᠢᠨ ᠬᠠᠮᠲᠤ ᠵᠠᠷᠢᠮ ᠨᠡᠯᠢᠶᠡᠳ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠠᠯᠭᠠᠨ ᠠᠪᠴᠤ ᠪᠣᠯᠣᠨ᠎ᠠ᠃     ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠲᠣᠬᠢᠷᠠᠭᠤᠯᠤᠨ᠂ 2  ᠠᠴᠠ 3 ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠢᠭ᠋ ᠢ ᠪᠣᠶ ᠪᠣᠯᠭᠠᠬᠤ ᠶᠢᠨ ᠬᠠᠮᠲᠤ᠂ ᠪᠥᠬᠦ ᠬᠤᠰᠢᠭᠤᠨ ᠳᠤ ᠳᠡᠯᠭᠡᠷᠡᠭᠦᠯᠦᠨ᠂ ᠬᠤᠲᠠ ᠶᠢᠨ ᠲᠣᠭᠤᠷᠢᠭ ᠤᠨ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠲᠡᠭᠦᠯᠳᠡᠷᠵᠢᠭᠦᠯᠬᠦ ᠶᠢᠨ ᠬᠠᠮᠲᠤ᠂ ︽ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠦᠨᠳᠦᠰᠦᠨ ᠱᠠᠲᠤ ︵ᠪᠠᠶᠢᠭᠤᠯᠤᠯᠭ᠎ᠠ︶ ᠳᠤ ᠣᠷᠣᠭᠤᠯᠬᠤ︾᠂ ︽ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠡ᠃ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠡᠮ ᠡᠮᠨᠡᠯᠭᠡ ᠡᠷᠡᠭᠦᠯ ᠮᠡᠨᠳᠤ᠂ ᠪᠡᠶ᠎ᠡ ᠰᠤᠪᠢᠯᠠᠯᠲᠠ ᠶᠢᠨ ᠲᠠᠶᠢᠯᠤᠮᠵᠢ ᠶᠢ ᠡᠷᠬᠢᠯᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠦᠬᠦ ᠠᠷᠠᠳ ᠤᠨ ᠡᠷᠡᠭᠦᠯ ᠮᠡᠨᠳᠤ ᠶᠢᠨ ᠭᠦᠨ ᠠᠭᠤᠰᠤᠯᠴᠠᠯ ᠢ ᠠᠬᠢᠭᠤᠯᠤᠨ᠎ᠠ᠃ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠳᠤ ᠴᠤ ᠴᠥᠮ ᠪᠡᠶ᠎ᠡ ᠴᠢᠭᠢᠷᠠᠭᠵᠢᠭᠤᠯᠬᠤ ᠲᠠᠯᠠᠪᠠᠶ ᠪᠠᠶᠢᠭᠤᠯᠵᠤ᠂ ᠡᠭᠦᠨ ᠳᠤ ᠬᠡᠰᠡᠭ ᠭᠠᠴᠠᠭ᠎ᠠ ︵ᠲᠣᠰᠬᠤᠨ︶ ᠳᠤ ᠪᠡᠶ᠎ᠡ ᠴᠢᠭᠢᠷᠠᠭᠵᠢᠭᠤᠯᠬᠤ ᠲᠠᠯᠠᠪᠠᠶ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 90% ᠳᠤ ᠬᠦᠷᠦᠭᠦᠯᠬᠦ ᠪᠠᠷ ᠴᠢᠷᠮᠠᠶᠢᠨ᠎ᠠ᠃     4. ᠪᠥᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ  ᠃ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠪᠡᠶ᠎ᠡ ᠴᠢᠭᠢᠷᠠᠭᠵᠢᠭᠤᠯᠬᠤ ᠲᠠᠮᠢᠷ ᠪᠥᠵᠢᠭ᠂ ᠢᠳᠡᠷᠡᠭᠦᠨ ᠠᠯᠬᠤᠭ᠎ᠠ᠂ ᠨᠡᠷᠡᠬᠦᠢ ᠨᠢᠳᠤᠷᠭ᠎ᠠ ︵ᠰᠡᠯᠡᠮ᠎ᠡ︶᠂ ᠳᠤᠭᠤᠢ ᠲᠡᠷᠭᠡ᠂ ᠬᠦᠷᠳᠦᠲᠦ ᠲᠡᠰᠢᠯᠲᠡ᠂ ᠪᠥᠬᠦ ᠠᠷᠠᠳ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠠ ᠬᠥᠭᠵᠢᠯᠲᠡ ᠶᠢᠨ ᠣᠷᠣᠨ ᠵᠠᠢ ᠲᠠᠢ ᠲᠥᠷᠥᠯ ᠵᠦᠢᠯ ᠢ ᠳᠡᠮᠵᠢᠨ ᠬᠥᠭᠵᠢᠭᠦᠯᠦᠨ᠎ᠡ᠃ ᠪᠠᠶᠢᠭᠠᠯᠢ᠂ ᠬᠥᠮᠥᠨ ᠰᠣᠶᠣᠯ  ᠤᠨ ᠡᠬᠢ ᠪᠠᠶᠠᠯᠢᠭ ᠲᠠᠢ ᠤᠶᠠᠯᠳᠤᠭᠤᠯᠤᠨ ᠣᠨᠴᠠᠯᠢᠭᠲᠤ ᠪᠡᠶ᠎ᠡ ᠶᠢᠨ ᠲᠠᠮᠢᠷ  ᠤᠨ ᠠᠵᠤ ᠦᠢᠯᠡᠰ  ᠢ ᠬᠥᠭᠵᠢᠭᠦᠯᠬᠦ ᠶᠢ ᠵᠣᠷᠢᠭᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭᠠᠨ ᠲᠤ᠂ ᠴᠥᠭᠡᠨ ᠲᠣᠭᠠᠲᠤ ᠦᠨᠳᠦᠰᠦᠲᠡᠨ  ᠤ ᠪᠡᠶ᠎ᠡ ᠶᠢᠨ ᠲᠠᠮᠢᠷ  ᠤᠨ ᠲᠥᠷᠥᠯ ᠵᠦᠢᠯ  ᠤᠨ ᠬᠥᠭᠵᠢᠯᠲᠡ ᠶᠢ ᠶᠡᠬᠡᠪᠡᠷ ᠲᠡᠳᠬᠦᠵᠦ᠂ ᠮᠣᠷᠢ ᠤᠷᠤᠯᠳᠤᠬᠤ᠂ ᠰᠤᠷ ᠬᠠᠷᠪᠤᠬᠤ᠂ ᠪᠥᠬᠡ ᠪᠠᠷᠢᠯᠳᠤᠬᠤ ᠵᠡᠷᠭᠡ ᠦᠨᠳᠦᠰᠦᠲᠡᠨ  ᠤ ᠣᠨᠴᠠᠯᠢᠭᠲᠤ ᠲᠥᠷᠥᠯ ᠵᠦᠢᠯ  ᠢ ᠥᠪᠡᠷᠲᠡᠭᠡᠨ ᠵᠠᠰᠠᠬᠤ ᠣᠷᠣᠨ  ᠤ ᠲᠡᠰ  ᠤᠨ ᠪᠡᠶ᠎ᠡ ᠶᠢᠨ ᠲᠠᠮᠢᠷ  ᠤᠨ ᠲᠥᠷᠥᠯ ᠲᠡᠮᠳᠡᠭ ᠟ ᠤᠨ ᠤᠷᠤᠯᠳᠤᠭᠠᠨ ᠪᠣᠯᠭᠠᠨ ᠭᠤᠣᠯᠳᠠᠯᠭ᠎ᠠ ᠲᠠᠢ ᠪᠠᠶᠢᠭᠤᠯᠤᠨ᠎ᠠ᠃ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠮᠢᠭᠮᠠᠨ᠂ ᠲᠣᠣᠷ ᠪᠥᠮᠪᠦᠭᠡ᠂ ᠥᠳᠥᠨ ᠪᠥᠮᠪᠦᠭᠡ᠂ ᠵᠡᠪᠰᠡᠭ ᠤᠨ ᠡᠷᠳᠡᠮ᠂ ᠲᠠᠢ ᠴᠢᠤᠸᠠᠨ ᠳ᠋ᠣᠣ᠂ ᠤᠮᠪᠠᠯᠲᠠ᠂ ᠫᠢᠩᠫᠠᠩ ᠪᠥᠮᠪᠦᠭᠡ᠂ ᠬᠠᠳᠠ ᠠᠪᠠᠷᠢᠬᠤ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠶᠡᠬᠡᠪᠡᠷ ᠳᠡᠯᠭᠡᠷᠡᠭᠦᠯᠵᠦ᠂ ᠨᠠᠰᠤᠲᠠᠶᠢᠴᠤᠳ ᠤᠨ ᠣᠨᠴᠠᠯᠢᠭ ᠲᠤ ᠲᠣᠬᠢᠷᠠᠭᠰᠠᠨ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ᠡᠯ᠎ᠡ ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠠᠷ ᠪᠤᠶᠤ ᠳᠣᠣᠷ᠎ᠠ ᠰᠦᠢᠳᠬᠡᠯ ᠢᠶᠠᠷ ᠨᠡᠭᠡᠭᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠪᠠᠷ ᠵᠥᠪᠳᠡᠯᠴᠡᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ ᠨᠡᠶᠢᠭᠡᠮ ᠨᠡᠶᠢᠲᠠ ᠳᠤ ᠨᠡᠭᠡᠭᠡᠯᠲᠡ ᠲᠠᠢ ᠪᠣᠯᠭᠠᠨ᠎ᠠ᠃     5. ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ ᠬᠡᠷᠡᠭᠲᠡᠢ᠃ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠠᠵᠢᠯ ᠢᠶᠠᠨ ᠥᠷᠨᠢᠭᠦᠯᠵᠦ᠂ ᠡᠯ᠎ᠡ ᠪᠠᠶᠢᠭᠤᠯᠭ᠎ᠠ᠂ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠵᠠᠯᠠᠭᠤᠴᠤᠳ᠂ ᠡᠮᠡᠭᠲᠡᠶᠢᠴᠦᠳ ᠪᠠ ᠪᠥᠬᠦ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠴᠥᠮ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠠᠰᠤᠭ ᠢ ᠪᠠᠶᠢᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠦᠢᠯ ᠪᠠ ᠠᠵᠢᠯᠯᠠᠭ᠎ᠠ ᠶᠢ ᠥᠷᠨᠢᠭᠦᠯᠵᠦ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠵᠢᠯ ᠪᠦᠷᠢ ᠠᠳᠠᠭ ᠲᠠᠭᠠᠨ ᠨᠢᠭᠡ ᠬᠤᠭᠤᠴᠠᠭ᠎ᠠ ᠡᠷᠬᠢᠯᠡᠬᠦ ᠬᠡᠷᠡᠭᠲᠡᠢ᠃ᠨᠥᠬᠦᠴᠡᠯ ᠲᠠᠢ ᠠᠵᠤ ᠠᠬᠤᠶᠢᠯᠠᠯ᠂ ᠰᠠᠯᠠᠭ᠎ᠠ ᠮᠥᠴᠢᠷ ᠪᠠ ᠰᠢᠰᠲ᠋ᠧᠮ ᠤᠨ ᠬᠢᠨ ᠤ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠤᠷᠤᠯᠳᠤᠭᠠᠨ ᠡᠷᠬᠢᠯᠡᠬᠦ ᠶᠢ ᠢᠳᠡᠪᠬᠢᠲᠡᠢ ᠪᠠᠷ ᠤᠷᠢᠶᠠᠯᠠᠨ ᠳᠡᠮᠵᠢᠬᠦ ᠬᠡᠷᠡᠭᠲᠡᠢ᠃      ︵ᠬᠤᠶᠠᠷ︶ ᠤᠷᠤᠯᠳᠤᠭᠠᠨ ᠤ ᠪᠡᠶ᠎ᠡ ᠶᠢᠨ ᠲᠠᠮᠢᠷ     ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠪᠦᠲᠦᠴᠡ ᠶᠢ ᠰᠢᠯᠢᠳᠡᠭᠵᠢᠭᠦᠯᠬᠦ᠂ ᠭᠤᠣᠯᠳᠠᠯᠭ᠎ᠠ ᠶᠢ ᠳᠣᠪᠤᠶᠢᠯᠭᠠᠬᠤ᠂ ᠦᠷ᠎ᠡ ᠠᠰᠢᠭ ᠢ ᠳᠡᠭᠡᠭᠰᠢᠯᠡᠭᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠮᠠᠨ ᠤ ᠬᠤᠰᠢᠭᠤᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ᠬᠦᠨᠳᠦ ᠬᠥᠩᠭᠡᠨ ᠲᠠᠮᠢᠷ ᠤᠨ ᠤᠷᠤᠯᠳᠤᠭᠠᠨ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠲᠣᠣᠷ ᠪᠥᠮᠪᠦᠭᠡ᠂ ᠫᠢᠩᠫᠠᠩ ᠪᠥᠮᠪᠦᠭᠡ᠂ ᠵᠡᠪᠰᠡᠭ ᠤᠨ ᠡᠷᠳᠡᠮ᠂ ᠮᠢᠭᠮᠠᠨ᠂  ᠲᠠᠢ ᠴᠢᠤᠸᠠᠨ ᠳ᠋ᠣᠣ ᠵᠡᠷᠭᠡ ᠳᠠᠪᠠᠭᠤᠯᠢᠭ ᠵᠦᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠤᠰᠢᠭᠤᠨ ᠤ ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠪᠠ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠪᠠᠷ ᠰᠠᠭᠤᠷᠢ ᠪᠣᠯᠭᠠᠭᠰᠠᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠶᠢᠭᠤᠯᠤᠮᠵᠢ ᠶᠢ ᠴᠢᠩᠭᠠᠳᠬᠠᠵᠤ᠂ ᠪᠥᠬᠦ ᠬᠤᠰᠢᠭᠤᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠰᠤᠷᠭᠠᠭᠤᠯᠢ ᠡᠷᠭᠢᠯᠡᠬᠦ ᠰᠢᠰᠲ᠋ᠧᠮᠵᠢ ᠶᠢ ᠠᠬᠢᠭᠤᠯᠤᠨ᠂ ᠣᠲᠣ ᠦᠶ᠎ᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠢᠮ᠎ᠡ ᠶᠣᠰᠣᠨ ᠳᠤ ᠨᠡᠶᠢᠴᠡᠭᠰᠡᠨ᠂ ᠥᠪᠡᠷ ᠢ ᠪᠠᠨ ᠬᠥᠭᠵᠢᠭᠦᠯᠬᠦ ᠠᠮᠢᠵᠢᠷᠠᠯ ᠤᠨ ᠬᠦᠴᠦᠨ ᠲᠠᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠣᠭᠲᠠᠴᠠ ᠶᠢ ᠪᠣᠢ ᠪᠣᠯᠭᠠᠨ᠎ᠠ᠃     ᠪᠡᠯᠡᠳᠬᠡᠯ ᠴᠢᠳᠠᠪᠤᠷᠢᠲᠠᠨ ᠢ ᠬᠦᠷᠭᠡᠬᠦ ᠠᠵᠢᠯ ᠢ ᠴᠢᠷᠮᠠᠶᠢᠨ ᠰᠠᠶᠢᠲᠤᠷ ᠬᠢᠵᠦ᠂ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠤᠨ᠎ᠠ᠃ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠤᠶᠠᠯᠳᠤᠭᠤᠯᠬᠤ ᠶᠢ ᠴᠢᠩᠭᠠᠳᠬᠠᠵᠤ᠂ ᠣᠷᠣᠭᠤᠯᠤᠯᠲᠠ ᠪᠠᠨ ᠨᠡᠮᠡᠭᠳᠡᠭᠦᠯᠦᠨ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠬᠠᠮᠲᠤᠷᠠᠨ ᠡᠷᠭᠢᠯᠡᠭᠰᠡᠨ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ︽ᠪᠠᠭ᠎ᠠ ᠠᠴᠠ ᠪᠠᠨ ᠬᠥᠮᠥᠵᠢᠭᠦᠯᠬᠦ᠂ ᠰᠠᠭᠤᠷᠢ ᠪᠠᠨ ᠰᠠᠶᠢᠨ ᠲᠠᠯᠪᠢᠬᠤ᠂ ᠰᠢᠰᠲ᠋ᠧᠮ ᠲᠠᠢ ᠪᠣᠯᠪᠠᠰᠤᠷᠠᠭᠤᠯᠬᠤ᠂ ᠢᠳᠡᠪᠬᠢᠲᠡᠢ ᠪᠠᠷ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠪᠡᠶ᠎ᠡ ᠶᠢᠨ ᠲᠠᠮᠢᠷ ᠤᠨ ᠲᠣᠣᠷ ᠴᠡᠭ ᠢ ᠪᠠᠶᠢᠭᠤᠯᠵᠤ᠂ ᠲᠤᠰ ᠪᠡᠶ᠎ᠡ ᠶᠢᠨ ᠳᠠᠪᠠᠭᠤᠯᠢᠭ ᠲᠥᠷᠥᠯ ᠵᠦᠢᠯ ᠢᠶᠠᠨ ᠪᠦᠷᠢᠯᠳᠦᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠯ ᠪᠥᠮᠪᠦᠭᠡ ᠶᠢᠨ ᠺᠯᠦ᠋ᠪ᠂ ᠬᠥᠯ ᠪᠥᠮᠪᠦᠭᠡ ᠶᠢᠨ ᠰᠤᠷᠭᠠᠭᠤᠯᠢ ᠵᠡᠷᠭᠡ ᠶᠢ ᠶᠡᠬᠡᠪᠡᠷ ᠪᠠᠶᠢᠭᠤᠯᠵᠤ᠂ ᠮᠠᠨ ᠤ ᠬᠤᠰᠢᠭᠤᠨ ᠤ ᠲᠡᠮᠡᠴᠡᠯᠳᠦᠭᠡᠨ᠂ ᠵᠡᠪᠰᠡᠭ ᠤᠨ ᠡᠷᠳᠡᠮ᠂ ᠤᠮᠪᠠᠯᠲᠠ᠂ ᠫᠢᠩᠫᠠᠩ ᠪᠥᠮᠪᠦᠭᠡ ᠵᠡᠷᠭᠡ ᠳᠠᠪᠠᠭᠤᠯᠢᠭ ᠳᠦᠷᠦᠯ ᠵᠦᠢᠯ ᠢ ᠴᠢᠷᠮᠠᠶᠢᠨ ᠪᠠᠶᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠪᠢᠳᠡ ᠪᠡᠶ᠎ᠡ ᠶᠢᠨ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠦᠰᠢᠭ ᠪᠣᠯᠭᠠᠨ᠂ ᠵᠠᠯᠠᠭᠤᠴᠤᠳ ᠪᠠᠭᠠᠴᠤᠳ ᠤᠨ ᠡᠯ᠎ᠡ ᠳᠦᠷᠦᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ ᠰᠢᠯᠢᠳᠡᠭ ᠲᠠᠮᠢᠷᠴᠢᠨ ᠢ ᠰᠢᠯᠢᠨ ᠰᠣᠩᠭᠤᠵᠤ ᠰᠢᠰᠲ᠋ᠧᠮ ᠲᠠᠢ ᠪᠣᠯᠪᠠᠰᠤᠷᠠᠯ ᠬᠢᠯᠭᠡᠵᠦ᠂ ᠪᠦᠬᠦ ᠬᠤᠲᠠ᠂ ᠪᠦᠬᠦ ᠣᠷᠣᠨ ᠤ ᠤᠷᠤᠯᠳᠤᠭᠠᠨ ᠳᠤ ᠢᠳᠡᠪᠬᠢᠲᠡᠢ ᠣᠷᠣᠯᠴᠠᠭᠤᠯᠤᠨ᠎ᠠ᠃    ᠤᠷᠤᠯᠳᠤᠭᠠᠨ ᠡᠷᠬᠢᠯᠡᠬᠦ ᠬᠡᠪᠴᠢᠶ᠎ᠡ ᠶᠢ ᠥᠷᠭᠡᠳᠬᠡᠵᠦ᠂ ᠤᠷᠤᠯᠳᠤᠭᠠᠨ ᠡᠷᠬᠢᠯᠡᠬᠦ ᠵᠠᠭᠪᠤᠷ ᠢ ᠥᠭᠡᠷᠡᠴᠢᠯᠡᠨ᠎ᠡ᠃ᠵᠠᠰᠠᠭ ᠤᠨ ᠣᠷᠳᠣᠨ  ᠠᠴᠠ ᠨᠡᠶᠢᠭᠡᠮ ᠤᠨ ᠬᠦᠴᠦᠨ ᠯᠦᠭᠡ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠡᠷᠭᠢᠯᠡᠬᠦ ᠶᠢ ᠳᠡᠮᠵᠢᠵᠦ᠂ ᠡᠯ᠎ᠡ ᠪᠡᠶ᠎ᠡ ᠶᠢᠨ ᠲᠠᠮᠢᠷ ᠤᠨ ᠨᠡᠶᠢᠭᠡᠮᠯᠢᠭ ᠢᠶᠠᠷ ᠪᠡᠶ᠎ᠡ ᠪᠠᠨ ᠳᠠᠭᠠᠭᠠᠵᠤ ᠤᠷᠤᠯᠳᠤᠭᠠᠨ ᠡᠷᠬᠢᠯᠡᠭᠦᠯᠦᠨ᠎ᠡ᠃    ︵ᠭᠤᠷᠪᠠ︶ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠩᠭᠦᠢ ᠬᠥᠭᠵᠢᠪᠡ    ᠰᠢ ᠶᠢᠨ ᠫᠢᠩ ᠶᠡᠷᠦᠩᠬᠡᠢ ᠱᠦᠵᠢ ᠶᠢᠨ ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠮᠠᠨ ᠤ ᠤᠯᠤᠰ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠭᠡ ᠪᠠᠷ ᠬᠥᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠣᠯᠠᠨ ᠬᠡᠯᠪᠡᠷᠢ ᠶᠢᠨ ᠮᠥᠰᠥ ᠴᠠᠰᠤᠨ ᠤ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠮᠠᠨ ᠤ ᠬᠤᠰᠢᠭᠤ ᠮᠥᠰᠥ ᠴᠠᠰᠤᠨ ᠤ ᠵᠤᠭᠠᠴᠠᠯ ᠤᠨ ᠪᠠᠶᠠᠷ ᠢᠶᠠᠷ︽ᠲᠥᠷᠥᠯᠬᠢ ᠭᠤᠣᠯ ᠤᠨ ᠲᠣᠬᠤᠢ︾ ᠳᠤ ᠠᠭᠤᠰᠤᠯᠴᠠᠬᠤ ᠪᠠᠷ ᠡᠯᠧᠮᠧᠨ᠋ᠲ ᠪᠣᠯᠭᠠᠵᠤ᠂ ᠡᠪᠦᠯ ᠤᠨ ᠤᠯᠠᠷᠢᠯ ᠤᠨ ᠵᠤᠭᠠᠴᠠᠯ ᠢ ᠥᠷᠭᠡᠳᠬᠡᠬᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠤᠯᠠᠨ ᠲᠦᠮᠡᠨᠴᠢ ᠴᠢᠨᠠᠷ ᠪᠣᠯᠣᠨ ᠵᠤᠭ᠎ᠠ ᠴᠡᠩᠭᠡᠯ ᠤᠨ ᠴᠢᠨᠠᠷ ᠢ ᠴᠢᠬᠤᠯᠠᠴᠢᠯᠠᠵᠤ᠂ ᠲᠠᠯ᠎ᠠ ᠨᠤᠲᠤᠭ ᠤᠨ ᠰᠣᠶᠣᠯ᠂ ᠲᠤᠬᠠᠢ ᠶᠢᠨ ᠭᠠᠵᠠᠷ ᠤᠨ ᠵᠠᠩ ᠳᠠᠳᠬᠠᠯ ᠪᠣᠯᠣᠨ ᠮᠥᠰᠥ ᠴᠠᠰᠤᠨ ᠤ ᠣᠨᠴᠠᠯᠢᠭ ᠢ ᠴᠢᠬᠤᠯᠠᠴᠢᠯᠠᠵᠤ᠂ ᠥᠪᠥᠷ ᠮᠣᠩᠭᠤᠯ ᠤᠨ ᠬᠠᠮᠤᠭ ᠤᠨ ᠦᠪᠡᠳᠡᠭᠰᠢ ᠶᠡᠭᠡ ᠮᠥᠰᠥ ᠴᠠᠰᠤᠨ ᠤ ᠵᠤᠭᠠᠴᠠᠯ ᠤᠨ ᠦᠪᠡᠳᠡᠭᠰᠢ ᠴᠤᠭᠯᠠᠭᠠᠨ ᠢ ᠪᠠᠶᠢᠭᠤᠯᠬᠤ ᠪᠠᠷ ᠴᠢᠷᠮᠠᠶᠢᠵᠤ᠂ ᠤᠯᠠᠭᠠᠨᠰᠤᠬᠠᠢ ᠶᠢᠨ ᠤᠯᠠᠨ ᠤᠯᠤᠰ ᠤᠨ ᠮᠥᠰᠥ ᠴᠠᠰᠤᠨ ᠤ ᠵᠤᠭᠠᠴᠠᠯ ᠤᠨ ᠪᠠᠶᠠᠷ ᠵᠡᠷᠭᠡ ᠴᠢᠬᠤᠯᠠ ᠶᠡᠭᠡ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ ᠤᠨ ᠬᠡᠯᠪᠡᠷᠢ ᠶᠢᠨ ᠮᠥᠰᠥ ᠴᠠᠰᠤᠨ ᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃︽ᠮᠥᠰᠥ ᠴᠠᠰᠤ + ᠠᠷᠠᠳ ᠤᠨ ᠵᠠᠩ ᠦᠶᠯᠡ︾ ︽ᠮᠥᠰᠥ ᠴᠠᠰᠤ + ᠤᠷᠠᠯᠢᠭ︾ ︽ᠮᠥᠰᠥ ᠴᠠᠰᠤ + ᠰᠣᠶᠣᠯ︾ ︽ᠮᠥᠰᠥ ᠴᠠᠰᠤ + ᠵᠤᠭ᠎ᠠ ᠴᠡᠩᠭᠡᠯ︾ ︽ᠮᠥᠰᠥ ᠴᠠᠰᠤ + ᠪᠡᠶ᠎ᠡ ᠶᠢᠨ ᠲᠠᠮᠢᠷ︾ ᠵᠡᠷᠭᠡ ᠠᠵᠢᠯᠯᠠᠭ᠎ᠠ ᠶᠢᠨ ᠬᠡᠯᠪᠡᠷᠢ ᠪᠠᠷ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠰᠢᠨ᠎ᠡ ᠬᠥᠳᠡᠯᠭᠡᠭᠦᠷ᠂ ᠰᠢᠨ᠎ᠡ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ︽ᠬᠦᠢᠲᠡᠨ ᠡᠬᠢ ᠪᠠᠶᠠᠯᠢᠭ︾ ᠢ ︽ᠢᠯᠴᠢ ᠶᠢᠨ ᠦᠢᠯᠡᠳᠦᠯ︾ ᠲᠠᠢ ᠪᠣᠯᠭᠠᠨ᠎ᠠ᠃ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠠᠭᠤᠷᠢ ᠶᠢ ᠪᠠᠬᠢᠵᠢᠭᠦᠯᠬᠦ ᠶᠢᠨ ᠲᠤᠰᠠᠳᠠ᠂ ᠲᠠᠯᠠᠪᠠᠶ ᠶᠢᠨ ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠥᠰᠥ ᠴᠠᠰᠤᠨ ᠤ ᠲᠠᠯᠠᠪᠠᠶ ᠶᠢ ᠴᠢᠷᠮᠠᠶᠢᠨ ᠪᠠᠶᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠤᠨ᠎ᠠ᠃      ᠳᠠᠷᠠᠭᠠᠴᠢ ᠶᠢᠨ ᠠᠯᠬᠤᠮ ᠳᠤ᠂ ᠶᠡᠷᠦᠩᠬᠡᠢ ᠱᠦᠵᠢ ᠰᠢ ᠶᠢᠨ ᠫᠢᠩ  ᠤ ᠳᠤᠷᠠᠳᠤᠭᠰᠠᠨ ᠭᠤᠷᠪᠠᠨ ᠳ᠋ᠦᠩᠰᠢᠭᠤᠷ ᠬᠥᠮᠥᠨ  ᠢ ᠮᠥᠰᠥ ᠴᠠᠰᠤᠨ ᠳᠤ ᠣᠷᠣᠭᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠤᠳᠬ᠎ᠠ ᠵᠣᠬᠢᠶᠠᠯ᠂ ᠪᠡᠶ᠎ᠡ ᠶᠢᠨ ᠲᠠᠮᠢᠷ᠂ ᠵᠤᠭᠠᠴᠠᠯ ᠤᠨ ᠦᠢᠯᠡᠰ ᠢ ᠨᠡᠶᠢᠳᠬᠡᠨ ᠬᠥᠭᠵᠢᠭᠦᠯᠬᠦ ᠶᠢ ᠠᠬᠢᠭᠤᠯᠵᠤ᠂ ︽ᠪᠡᠶ᠎ᠡ ᠶᠢᠨ ᠲᠠᠮᠢᠷ +︾ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂︽ᠨᠢᠭᠡ ᠴᠡᠭ ᠵᠢᠷᠭᠤᠭᠠᠨ ᠬᠡᠰᠡᠭ ᠭᠤᠷᠪᠠᠨ ᠬᠥᠳᠡᠯᠭᠡᠭᠡᠨ︾︾ ᠢ ᠪᠡᠶᠡᠯᠡᠭᠦᠯᠦᠨ᠎ᠡ᠃ᠨᠢᠭᠡ ᠳᠤ ᠣᠳᠣ ᠪᠠᠶᠢᠭ᠎ᠠ ᠪᠡᠶ᠎ᠡ ᠶᠢᠨ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠭᠡᠷ ᠳᠣᠲᠣᠷᠠᠬᠢ ᠮᠥᠰᠥᠨ ᠲᠠᠯᠠᠪᠠᠶ ᠪᠠᠷ ᠴᠡᠭ ᠪᠣᠯᠭᠠᠨ ᠡᠷᠭᠢᠨ ᠲᠣᠭᠤᠷᠢᠨ ᠢᠶᠠᠨ ᠨᠥᠯᠥᠭᠡᠯᠡᠨ᠂ ᠵᠢᠷᠭᠤᠭᠠᠨ ᠬᠡᠰᠡᠭ ᠨᠢ ᠳᠠᠷᠤᠢ ᠳᠥᠷᠪᠡᠨ ᠬᠡᠰᠡᠭ ᠲᠡᠰᠢᠯᠲᠡ ᠶᠢᠨ ᠲᠠᠯᠠᠪᠠᠶ ︵ᠪᠡᠶ᠎ᠡ ᠶᠢᠨ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠭᠡᠷ ᠤᠨ ᠭᠠᠳᠠᠨᠠᠬᠢ ᠲᠡᠰᠢᠯᠲᠡ ᠶᠢᠨ ᠲᠠᠯᠠᠪᠠᠶ᠂ ᠯᠢᠨ ᠬᠠᠢ ᠴᠡᠴᠡᠷᠯᠢᠭ ᠤᠨ ᠲᠡᠰᠢᠯᠲᠡ ᠶᠢᠨ ᠲᠠᠯᠠᠪᠠᠶ᠂ ᠬᠥᠭᠦᠷᠭᠡ ᠶᠢᠨ ᠡᠮᠦᠨᠡᠬᠢ ᠲᠡᠰᠢᠯᠲᠡ ᠶᠢᠨ ᠲᠠᠯᠠᠪᠠᠶ᠂ ᠤᠯᠠᠭᠠᠨᠰᠤᠬᠠᠢ ᠶᠢᠨ ᠲᠡᠰᠢᠯᠲᠡ ᠶᠢᠨ ᠲᠠᠯᠠᠪᠠᠶ︶ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠨᠢᠭᠡ ᠬᠡᠰᠡᠭ ᠴᠠᠨ᠎ᠠ ᠶᠢᠨ ᠲᠠᠯᠠᠪᠠᠶ ︵ᠴᠠᠨ᠎ᠠ ᠶᠢᠨ ᠲᠠᠯᠠᠪᠠᠶ ᠨᠢ ᠤᠷᠠᠳ ᠤᠨ ᠡᠮᠦᠨᠡᠲᠦ ᠬᠤᠰᠢᠭᠤᠨ ᠤ ᠮᠤᠨᠢ ᠠᠭᠤᠯᠠ ᠶᠢᠨ ᠴᠠᠨ᠎ᠠ ᠶᠢᠨ ᠲᠠᠯᠠᠪᠠᠶ ᠪᠤᠶᠤ ᠠᠷᠴᠢ ᠶᠢᠨ ᠴᠠᠨ᠎ᠠ ᠶᠢᠨ ᠲᠠᠯᠠᠪᠠᠶ︶᠂ ᠨᠢᠭᠡ ᠬᠡᠰᠡᠭ ᠬᠦᠷᠳᠦᠲᠦ ᠲᠡᠰᠢᠯᠲᠡ ᠶᠢᠨ ᠲᠠᠯᠠᠪᠠᠢ︵ᠬᠦᠷᠳᠦᠲᠦ ᠲᠡᠰᠢᠯᠲᠡ ᠶᠢᠨ ᠲᠠᠯᠠᠪᠠᠢ ᠪᠣᠯ ᠳ᠋ᠧᠩ ᠤᠨ ᠭᠡᠷᠡᠯ ᠤᠨ ᠲᠠᠯᠠᠪᠠᠢ ᠶᠢᠨ ᠬᠦᠷᠳᠦᠲᠦ ᠲᠡᠰᠢᠯᠲᠡ ᠶᠢᠨ ᠲᠠᠯᠠᠪᠠᠢ︶᠂ ᠭᠤᠷᠪᠠᠨ ᠬᠥᠳᠡᠯᠭᠡᠭᠡᠨ ᠨᠢ ᠤᠯᠠᠭᠠᠨᠰᠤᠬᠠᠢ ᠶᠢᠨ ᠮᠥᠰᠥ ᠴᠠᠰᠤᠨ ᠤ ᠵᠤᠭᠠᠴᠠᠯ ᠤᠨ ᠪᠠᠶᠠᠷ ᠤᠨ ᠠᠵᠢᠯᠯᠠᠭ᠎ᠠ᠂ ᠨᠡᠶᠢᠭᠡᠮ ᠲᠣᠭᠤᠷᠢᠭ ᠤᠨ ᠮᠥᠰᠥ ᠴᠠᠰᠤᠨ ᠤ ᠲᠠᠮᠢᠷ ᠤᠨ ᠴᠤᠭᠯᠠᠭᠠᠨ᠂ ᠰᠤᠷᠤᠭᠴᠢᠳ ᠤᠨ ᠰᠣᠨᠢᠷᠬᠠᠯᠲᠠᠢ ᠮᠥᠰᠥ ᠴᠠᠰᠤᠨ ᠤ ᠲᠠᠮᠢᠷ ᠤᠨ ᠴᠤᠭᠯᠠᠭᠠᠨ ᠢ ᠪᠠᠶᠢᠭᠤᠯᠵᠤ᠂ ᠡᠯ᠎ᠡ ᠵᠦᠢᠯ ᠤᠨ ᠲᠠᠮᠢᠷ ᠤᠨ ᠬᠥᠳᠡᠯᠭᠡᠭᠡᠨ ᠢ ᠡᠷᠬᠢᠯᠡᠬᠦ ᠶᠢᠨ ᠬᠠᠮᠲᠤ ᠮᠥᠰᠥ ᠴᠠᠰᠤᠨ ᠤ ᠰᠢᠷᠢᠰ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠮᠥᠰᠥᠨ ᠰᠡᠶᠢᠯᠦᠮᠡᠯ ᠴᠠᠰᠤᠨ ᠰᠡᠶᠢᠯᠦᠮᠡᠯ᠂ ᠪᠣᠳᠠᠰ ᠤᠨ ᠪᠤᠰᠤ ᠰᠣᠶᠣᠯ ᠤᠨ ᠪᠦᠲᠦᠭᠡᠭᠳᠡᠬᠦᠨ ᠢ ᠦᠢᠯᠡᠳᠴᠡᠢ᠃ᠬᠤᠶᠠᠷ ᠲᠤ᠂ ᠬᠥᠮᠥᠨ ᠤ ᠬᠦᠴᠦ ᠪᠠᠷ ᠬᠥᠯᠳᠡᠭᠡᠬᠦ ᠰᠢᠯᠵᠢᠭᠡ ᠮᠠᠶ᠋ᠢᠭ ᠤᠨ ᠮᠥᠰᠥᠨ ᠲᠠᠯᠠᠪᠠᠶ ᠶᠢ ᠠᠰᠢᠭᠯᠠᠨ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠬᠤᠯᠪᠤᠭᠠᠯᠠᠨ᠂ ︽ᠭᠠᠳᠠᠭᠰᠢ ᠭᠠᠷᠬᠤ᠂ ᠤᠷᠢᠵᠤ ᠣᠷᠣᠭᠤᠯᠬᠤ︾ ᠠᠷᠭ᠎ᠠ ᠮᠠᠶ᠋ᠢᠭ ᠢ ᠠᠰᠢᠭᠯᠠᠨ᠂ ᠰᠢᠯᠢᠳᠡᠭ ᠮᠥᠰᠥ ᠴᠠᠰᠤᠨ ᠤ ᠰᠤᠷᠭᠠᠭᠴᠢ ᠶᠢ ᠰᠣᠩᠭᠤᠨ ᠰᠤᠷᠭᠠᠭᠤᠯᠢ ᠳᠤ ᠣᠷᠣᠭᠤᠯᠵᠤ ᠪᠣᠯᠪᠠᠰᠤᠷᠠᠭᠤᠯᠤᠯ ᠬᠢᠯᠭᠡᠵᠦ᠂ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ᠭᠤᠷᠪᠠ ᠳᠤ᠂ ᠡᠯ᠎ᠡ ᠱᠠᠲᠤᠨ ᠤ ᠵᠠᠭᠤᠴᠢᠯᠠᠭᠤᠷ ᠪᠣᠯᠣᠨ ᠰᠦᠯᠵᠢᠶᠡᠨ ᠤ ᠵᠠᠭᠤᠴᠢᠯᠠᠭᠤᠷ ᠢ ᠭᠦᠢᠴᠡᠳ ᠠᠰᠢᠭᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠤᠬᠠᠭᠤᠯᠤᠨ ᠳᠡᠯᠭᠡᠷᠡᠭᠦᠯᠦᠨ᠎ᠡ᠃ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠮᠥᠰᠥ ᠴᠠᠰᠤᠨ ᠤ ᠲᠥᠷᠥᠯ ᠵᠦᠢᠯ ᠤᠨ ᠲᠤᠬᠠᠢ ᠣᠯᠠᠨ ᠲᠦᠮᠡᠨ ᠤ ᠲᠠᠨᠢᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠣᠷᠤᠯᠴᠠᠬᠤ ᠬᠠᠯᠠᠭᠤᠨ ᠰᠡᠳᠬᠢᠯᠭᠡ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠃      ︵ᠳᠥᠷᠪᠡ︶ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠪᠠ ᠳᠡᠭᠡᠭᠰᠢᠯᠡᠭᠦᠯᠬᠦ     ᠮᠠᠨ ᠤ ᠬᠤᠰᠢᠭᠤᠨ ᠤ ᠣᠷᠣᠨ ᠪᠦᠰᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠨᠠᠷᠠᠲᠤ ᠲᠡᠮᠳᠡᠭ ᠤᠨ ᠤᠷᠠᠳ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠶᠡᠬᠡᠪᠡᠷ ᠬᠡᠷᠡᠭᠵᠢᠭᠦᠯᠵᠦ᠂ ︽ᠳᠤᠮᠳᠠᠳᠤ ᠶᠢᠨ ᠦᠱᠦ ᠶᠢᠨ ᠨᠤᠲᠤᠭ︾ ︽ᠳᠤᠮᠳᠠᠳᠤ ᠤᠯᠤᠰ ᠤᠨ ᠮᠢᠭᠮᠠᠨ ᠤ ᠨᠤᠲᠤᠭ︾ ᠢ ᠢᠳᠡᠪᠬᠢᠲᠡᠢ ᠡᠭᠦᠳᠦᠨ ᠪᠠᠶᠢᠭᠤᠯᠵᠤ᠂ ᠰᠢᠯᠢᠳᠡᠭ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠨᠠᠷᠠᠲᠤ ᠲᠡᠮᠳᠡᠭ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠪᠣᠶ ᠪᠣᠯᠭᠠᠵᠤ᠂ ᠤᠯᠠᠭᠠᠨᠰᠤᠬᠠᠢ ᠶᠢᠨ ᠵᠢᠭᠠᠰᠤ ᠭᠥᠬᠢᠳᠡᠬᠦ ᠤᠷᠤᠯᠳᠤᠭᠠᠨ ᠢ ᠢᠳᠡᠪᠬᠢᠲᠡᠢ ᠳᠠᠭᠠᠭᠠᠴᠢᠯᠠᠨ ᠡᠷᠭᠢᠯᠡᠨ᠎ᠡ︔ᠤᠯᠠᠭᠠᠨᠰᠤᠬᠠᠢ ᠶᠢ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ︔ᠲᠠᠯᠠᠪᠠᠶ  ᠶᠢᠨ ᠲᠠᠮᠢᠷ ᠪᠥᠵᠢᠭ ᠤᠨ ᠤᠷᠤᠯᠳᠤᠭᠠᠨ ᡽ᠤᠮᠪᠠᠯᠲᠠ ᠶᠢᠨ ᠤᠷᠤᠯᠳᠤᠭᠠᠨ;ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠵᠢᠴᠢ ︽ᠲᠠᠯ᠎ᠠ ᠨᠤᠲᠤᠭ ᠤᠨ ᠲᠠᠷᠢᠶᠠᠴᠢᠨ ᠬᠤᠨᠳᠠᠭᠠᠲᠤ · ᠮᠤᠨᠢ ᠠᠭᠤᠯᠠ ᠶᠢᠨ ᠮᠣᠷᠢᠨ ᠤᠷᠤᠯᠳᠤᠭᠠᠨ ᠤ ᠪᠠᠶᠠᠷ︾ ᠤᠨ ᠮᠣᠷᠢᠨ ᠤᠷᠤᠯᠳᠤᠭᠠᠨ ᠳᠤ᠂ ufc ᠶᠢᠨ ᠳᠡᠯᠡᠬᠡᠢ ᠶᠢᠨ ᠨᠢᠳᠤᠷᠭᠠᠨ ᠲᠡᠮᠡᠴᠡᠭᠡᠨ ᠤ ᠠᠪᠤᠷᠭᠤ ᠪᠤᠯᠢᠶᠠᠯᠳᠤᠬᠤ ᠤᠷᠤᠯᠳᠤᠭᠠᠨ᠂ wcba ᠶᠢᠨ ᠪᠥᠬᠦ ᠤᠯᠤᠰ ᠤᠨ ᠡᠮᠡᠭᠲᠡᠢ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ ᠵᠡᠷᠭᠡ ᠤᠷᠤᠯᠳᠤᠭᠠᠨ ᠢ ᠭᠥᠯᠢᠶᠡᠨ ᠠᠪᠬᠤ ᠠᠵᠢᠯ ᠢ ᠰᠠᠶᠢᠲᠤᠷ ᠬᠢᠨ᠎ᠡ᠃ᠪᠥᠬᠦ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ᠂ ᠰᠤᠭᠤᠴᠢᠨ ᠬᠡᠮᠵᠢᠬᠦ᠂ ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠭᠤᠯᠤᠯ᠂ ᠬᠤᠶᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠪᠠ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠵᠢᠨ‌‍ᠪᠥ᠋ᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠵᠡᠷᠭᠡ ᠠᠯᠢ ᠣᠯᠠᠨ ᠪᠡᠶ᠎ᠡ ᠶᠢᠨ ᠲᠠᠮᠢᠷ ᠤᠨ ᠬᠥᠳᠡᠯᠭᠡᠭᠡᠨ᠃      ︵ᠲᠠᠪᠤ︶ ᠡ᠊ᠡᠭᠨᠡᠭᠡ ᠪᠠ ᠴᠢᠳᠠᠪᠤᠷᠢᠲᠠᠨ ᠤ ᠪᠠᠶᠢᠭᠤᠯᠤᠯᠲᠠ      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠳᠡᠭᠡᠳᠦ ᠬᠡᠪ ᠴᠢᠨᠠᠷ ᠪᠦᠬᠦᠢ᠂ ᠳᠡᠭᠡᠳᠦ ᠲᠠᠰ ᠳᠠᠪᠬᠤᠷᠭ᠎ᠠ ᠶᠢᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠣᠲᠣ ᠶᠢᠨ ᠪᠠᠶᠢᠭ᠎ᠠ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠡᠬᠢ ᠪᠠᠶᠠᠯᠢᠭ ᠢ ᠠᠮᠢᠳᠤᠯᠢᠭᠵᠢᠭᠤᠯᠤᠨ᠂ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠴᠢᠳᠠᠪᠤᠷᠢᠲᠠᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠳᠠᠪᠤᠷᠢᠲᠠᠨ ᠵᠢᠴᠢ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠡᠵᠡᠩᠨᠡᠯᠲᠡ ᠶᠢᠨ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠵᠦ᠂ ᠴᠢᠳᠠᠪᠤᠷᠢᠲᠠᠨ ᠬᠠᠩᠭᠠᠬᠤ ᠠᠷᠭ᠎ᠠ ᠵᠠᠮ ᠢ ᠥᠷᠭᠡᠳᠬᠡᠨ᠂ ᠪᠥᠬᠦ ᠠᠵᠤ ᠦᠢᠯᠡᠰ ᠤᠨ ᠬᠡᠯᠬᠢᠶᠡᠵᠢᠭᠰᠡᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠦᠮᠦᠵᠢᠭᠦᠯᠬᠦ ᠬᠡᠯᠪᠡᠷᠢ ᠶᠢ ᠪᠦᠷᠢᠯᠳᠦᠭᠦᠯᠦᠨ᠎ᠡ᠃    ᠡᠯ᠎ᠡ ᠵᠦᠢᠯ ᠤᠨ ᠵᠣᠷᠢᠯᠭᠠᠲᠤ ᠪᠡᠶ᠎ᠡ ᠶᠢᠨ ᠲᠠᠮᠢᠷ ᠤᠨ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠵᠦ᠂ ᠡᠯ᠎ᠡ ᠱᠠᠲᠤᠯᠵᠢᠨ ᠡᠩᠨᠡᠭᠡ ᠶᠢᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠵᠦ᠂ ᠬᠥᠭᠵᠢᠯᠲᠡ ᠶᠢᠨ ᠳᠠᠯᠳᠠ ᠬᠦᠴᠦᠨ ᠲᠠᠢ ᠲᠠᠮᠢᠷᠴᠢᠨ ᠢ ᠬᠤᠲᠠ᠂ ᠲᠣᠭᠤᠷᠢᠭ ᠪᠠ ᠤᠯᠤᠰ ᠲᠤ ᠬᠦᠷᠭᠡᠵᠦ ᠂ ᠴᠢᠳᠠᠪᠤᠷᠢᠲᠠᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠪᠠ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠢᠷᠠᠭᠤ ᠠᠯᠳᠠᠷ ᠢ ᠲᠡᠮᠡᠴᠡᠨ ᠣᠯᠬᠤ ᠲᠥᠯᠥᠪᠯᠡᠭᠡ ᠶᠢ ᠬᠡᠷᠡᠭᠵᠢᠭᠦᠯᠬᠦ ᠳᠤᠮᠳᠠᠬᠢ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭ᠎ᠠ ᠬᠡᠮᠵᠢᠶ᠎ᠡ ᠪᠠᠷ ᠭᠦᠢᠴᠡᠳ᠂ ᠪᠦᠲᠦᠴᠡ ᠪᠠᠷ ᠵᠦᠢ ᠵᠣᠬᠢᠰᠲᠠᠢ᠂ ᠬᠡᠪ ᠴᠢᠨᠠᠷ ᠢᠶᠠᠷ ᠰᠢᠯᠢᠳᠡᠭ ᠰᠠᠶᠢᠨ ᠨᠢᠭᠡ ᠪᠦᠯᠦᠭ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠣᠶ ᠪᠣᠯᠭᠠᠨ᠎ᠠ᠃ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠴᠢᠩᠭᠠᠳᠬᠠᠵᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠢᠳᠡᠪᠬᠢᠲᠡᠢ ᠪᠠᠷ ᠳᠠᠶᠢᠴᠢᠯᠠᠵᠤ᠂ ᠣᠯᠠᠨ ᠡᠰᠢᠵᠢᠭᠰᠡᠨ ᠪᠡᠯᠡᠳᠬᠡᠯ ᠴᠢᠳᠠᠪᠤᠷᠢᠲᠠᠨ ᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠢᠶᠠᠷ ᠭᠤᠣᠯ ᠪᠣᠯᠭᠠᠭᠰᠠᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠦᠨ᠎ᠡ᠃      ︵ᠵᠢᠷᠭᠤᠭ᠎ᠠ︶ ᠪᠡᠶ᠎ᠡ ᠶᠢᠨ ᠲᠠᠮᠢᠷ  ᠤᠨ ᠠᠵᠤ ᠦᠢᠯᠡᠰ      ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ ᠤᠨ ᠬᠦᠴᠦᠨ ᠤ ᠢᠳᠡᠪᠬᠢᠲᠡᠢ ᠣᠷᠣᠯᠴᠠᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠴᠢᠷᠮᠠᠶᠢᠨ ᠪᠠᠶᠢᠭᠤᠯᠵᠤ᠂ ᠪᠡᠶ᠎ᠡ ᠶᠢᠨ ᠲᠠᠮᠢᠷ ᠤᠨ ᠭᠤᠣᠯ ᠴᠣᠭᠴᠠ ᠶᠢᠨ ᠠᠵᠤ ᠦᠢᠯᠡᠰ ᠢᠶᠠᠷ ᠰᠠᠭᠤᠷᠢ ᠪᠣᠯᠭᠠᠭᠰᠠᠨ᠂ ᠣᠯᠠᠨ ᠵᠦᠢᠯ ᠤᠨ ᠠᠵᠤ ᠦᠢᠯᠡᠰ ᠢ ᠵᠡᠷᠭᠡᠪᠡᠷ ᠬᠥᠭᠵᠢᠭᠦᠯᠦᠭᠰᠡᠨ᠂ ᠣᠯᠠᠨ ᠵᠦᠢᠯ ᠤᠨ ᠥᠮᠴᠢᠯᠡᠯ ᠤᠨ ᠳᠦᠷᠢᠮ ᠵᠡᠷᠭᠡᠪᠡᠷ ᠣᠷᠣᠰᠢᠬᠤ ᠪᠠ ᠬᠠᠮᠲᠤᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃     ᠪᠡᠶ᠎ᠡ ᠶᠢᠨ ᠲᠠᠮᠢᠷ  ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠡᠶ᠎ᠡ ᠶᠢᠨ ᠲᠠᠮᠢᠷ ᠤᠨ ᠠᠵᠤ ᠦᠢᠯᠡᠰ ᠢᠶᠠᠷ ᠬᠠᠮᠢᠶ᠎ᠠ ᠪᠦᠬᠦᠢ ᠠᠵᠤ ᠦᠢᠯᠡᠰ  ᠤᠨ ᠬᠥᠭᠵᠢᠯᠲᠡ ᠶᠢ ᠲᠠᠶᠢᠴᠢᠯᠠᠨ᠎ᠠ᠃ᠤᠷᠤᠯᠳᠤᠭᠠᠨ ᠤ ᠪᠡᠶ᠎ᠡ ᠶᠢᠨ ᠲᠠᠮᠢᠷ ᠤᠨ ᠡᠵᠡᠩᠨᠡᠯᠲᠡ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ᠂ ᠪᠡᠶ᠎ᠡ ᠶᠢᠨ ᠲᠠᠮᠢᠷ ᠰᠡᠯᠡᠭᠦᠴᠡᠯ ᠵᠡᠷᠭᠡ ᠲᠣᠰ ᠴᠣᠭᠴᠠ ᠶᠢᠨ ᠠᠵᠤ ᠦᠢᠯᠡᠰ ᠢᠶᠠᠷ ᠭᠤᠣᠯ ᠪᠣᠯᠭᠠᠭᠰᠠᠨ ᠪᠡᠶ᠎ᠡ ᠶᠢᠨ ᠲᠠᠮᠢᠷ ᠤᠨ ᠠᠵᠤ ᠦᠢᠯᠡᠰ ‍ᠦᠨ‌‍ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ ᠪᠣᠯᠣᠨ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠲᠣᠰ ᠴᠣᠭᠴᠠ ᠶᠢᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠦᠢᠯᠡᠰ ᠢᠶᠠᠷ ᠰᠠᠭᠤᠷᠢ ᠪᠣᠯᠭᠠᠭᠰᠠᠨ᠂ ᠣᠯᠠᠨ ᠠᠵᠢᠯ ᠦᠢᠯᠡᠰ ᠢ ᠵᠡᠷᠭᠡᠪᠡᠷ ᠬᠥᠭᠵᠢᠭᠦᠯᠦᠭᠰᠡᠨ᠂ ᠲᠥᠷᠥᠯ ᠵᠦᠢᠯ ᠢᠶᠠᠷ ᠪᠦᠷᠢᠨ ᠭᠦᠢᠴᠡᠳ᠂ ᠪᠦᠲᠦᠴᠡ ᠪᠠᠷ ᠵᠦᠢ ᠵᠣᠬᠢᠰᠲᠠᠢ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠡᠷᠭᠢᠯᠡᠭᠰᠡᠨ ᠪᠡᠶ᠎ᠡ ᠶᠢᠨ ᠲᠠᠮᠢᠷ ᠤᠨ ᠺᠯᠦ᠋ᠪ ᠵᠡᠷᠭᠡ ᠡᠵᠡᠩᠨᠡᠯᠲᠡ ᠶᠢᠨ ᠴᠢᠨᠠᠷᠲᠠᠢ ᠲᠠᠯᠠᠪᠤᠷ ᠣᠲᠣ ᠶᠠᠭ ᠪᠦᠷᠢᠯᠳᠦᠵᠦ᠂ ᠪᠡᠶ᠎ᠡ ᠶᠢᠨ ᠲᠠᠮᠢᠷ ᠤᠨ ᠨᠡᠶᠢᠭᠡᠮᠯᠢᠭ ᠠᠯᠬᠤᠮ ᠠᠯᠬᠤᠮ ᠢᠶᠠᠷ ᠪᠣᠳᠠᠲᠤ ᠴᠣᠭᠴᠠ ᠳᠠᠰᠢ ᠬᠥᠭᠵᠢᠵᠦ᠂ ᠣᠲᠣ ᠪᠠᠶᠢᠭ᠎ᠠ ᠤᠮᠪᠠᠯᠲᠠ ᠶᠢᠨ ᠣᠷᠳᠣᠨ ︵ᠲᠠᠲᠠᠭᠠᠯ︶ 3᠂ ᠴᠢᠴᠢᠭᠦᠷ ᠪᠥᠮᠪᠦᠭᠡ ᠶᠢᠨ ᠲᠢᠩᠬᠢᠮ 19᠂ ᠲᠠᠢ ᠴᠢᠤᠸᠠᠨ ᠳ᠋ᠣᠣ ᠣᠷᠳᠣᠨ 2᠂ ᠦᠱᠦ ᠶᠢᠨ ᠣᠷᠳᠣᠨ 1᠂ ᠶᠤᠭ᠎ᠠ ᠶᠢᠨ ᠣᠷᠳᠣᠨ 2᠂ ᠪᠡᠶ᠎ᠡ ᠴᠢᠭᠢᠷᠠᠭᠵᠢᠭᠤᠯᠬᠤ ᠺᠯᠦ᠋ᠪ 2᠂ 30 ᠭᠠᠷᠤᠢ ᠪᠡᠶ᠎ᠡ ᠶᠢᠨ ᠲᠠᠮᠢᠷ ᠤᠨ ᠬᠡᠷᠡᠭᠰᠡᠯ᠂ ᠪᠠᠭᠠᠵᠢ ᠬᠡᠷᠡᠭᠰᠡᠯ᠂ ᠬᠤᠪᠴᠠᠰᠤ ᠬᠤᠨᠠᠷ ᠪᠣᠷᠣᠯᠠᠭᠤᠯᠬᠤ ᠵᠡᠷᠭᠡ ᠨᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠴᠢᠬᠤᠯᠠ ᠨᠥᠬᠦᠪᠦᠷᠢ ᠪᠣᠯᠤᠭᠰᠠᠨ ᠪᠠᠶᠢᠨ᠎ᠠ᠃     ᠰᠤᠭᠤᠯᠤᠭ᠎ᠠ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ᠂ ᠳᠡᠭᠡᠳᠦ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠵᠦᠢ ᠵᠣᠬᠢᠰᠲᠠᠢ ᠪᠠᠶᠢᠷᠢᠯᠠᠭᠤᠯᠤᠯᠲᠠ ᠲᠠᠢ ᠢᠳᠡᠪᠬᠢᠲᠡᠢ ᠬᠠᠮᠵᠢᠯᠴᠠᠨ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠤᠯᠠᠨ ᠨᠡᠶᠢᠲᠡ ᠪᠠᠷ ᠢᠶᠠᠨ ᠠᠩᠬᠠᠷᠬᠤ ᠶᠢ ᠶᠡᠬᠡᠪᠡᠷ ᠰᠠᠨᠠᠭᠠᠴᠢᠯᠠᠵᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠦᠢᠯᠡᠰ ᠢ ᠢᠳᠡᠪᠬᠢᠲᠡᠢ ᠲᠡᠮᠵᠢᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳ᠋ᠦ‌ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠤᠯᠲᠠ ᠶᠢᠨ ᠲᠤᠭ᠎ᠠ ᠵᠢ‌‍ᠪᠣᠷᠤᠯᠠᠭᠤᠯᠭ᠎ᠠ ᠶᠢᠨ ᠵᠠᠭᠪᠤᠷ ᠲᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠢᠯᠯᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠺᠣᠮᠫᠢᠦ᠋ᠲ᠋ᠧᠷ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠰᠦᠯᠵᠢᠶ᠎ᠡ ᠪᠠ ᠪᠣᠷᠤᠯᠠᠭᠤᠯᠭ᠎ᠠ ᠶᠢᠨ ᠡᠩᠨᠡᠭᠡ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃     ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠪᠡᠶ᠎ᠡ ᠶᠢᠨ ᠲᠠᠮᠢᠷ  ᠤᠨ ᠠᠵᠢᠯ ᠤᠨ ᠶᠡᠷᠦᠩᠬᠡᠢ ᠲᠥᠯᠦᠪᠵᠢᠭᠦᠯᠭᠡ ᠪᠣᠯᠣᠨ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ     ᠨᠢᠭᠡ ᠳᠤ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠬᠤᠷᠸ᠎ᠠ ᠲᠥᠯᠦᠪᠵᠢᠭᠦᠯᠭᠡ ᠶᠢ ᠰᠠᠶᠢᠲᠤᠷ ᠬᠢᠵᠦ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ᠂ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠭᠠᠵᠠᠷ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠵᠡᠷᠭᠡ ᠡᠯ᠎ᠡ ᠲᠠᠯ᠎ᠠ ᠶᠢᠨ ᠲᠥᠯᠦᠪᠵᠢᠭᠦᠯᠭᠡ ᠶᠢ ᠲᠥᠷᠥᠯ ᠬᠤᠪᠢᠶᠠᠨ ᠲᠣᠭᠲᠠᠭᠠᠵᠤ᠂ ᠵᠢᠯᠤᠭᠤᠳᠬᠤ ᠲᠥᠷᠥ ᠶᠢᠨ ᠪᠣᠳᠣᠯᠭ᠎ᠠ ᠶᠢ ᠲᠣᠳᠣᠷᠬᠠᠢ‌ᠬᠤᠶᠠᠷ ᠲᠤ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ︵ᠲᠣᠰᠬᠤᠨ᠂ ᠭᠠᠴᠠᠭ᠎ᠠ᠂ ᠬᠤᠪᠢᠶᠠᠷᠢ ᠲᠠᠯᠠᠪᠠᠶ︶ ᠶᠢᠨ ᠪᠡᠶ᠎ᠡ ᠶᠢᠨ ᠲᠠᠮᠢᠷ ᠤᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠤᠨ᠎ᠠ᠃     ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠪᠡᠯᠡ ᠮᠥᠩᠭᠦ ᠶᠢᠨ ᠣᠷᠣᠭᠤᠯᠤᠯᠲᠠ ᠶᠢ ᠢᠳᠡᠪᠬᠢᠯᠡᠨ ᠣᠯᠬᠤ ᠬᠡᠷᠡᠭᠲᠡᠢ     ᠨᠢᠭᠡ ᠳᠤ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠦᠢᠯᠡᠰ ᠤᠨ ᠠᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠪᠠᠷ ᠴᠢᠷᠮᠠᠶᠢᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠪᠡᠶ᠎ᠡ ᠶᠢᠨ ᠲᠠᠮᠢᠷ ᠤᠨ ᠦᠢᠯᠡᠰ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠤ᠂ ᠪᠡᠶ᠎ᠡ ᠶᠢᠨ ᠲᠠᠮᠢᠷ ᠤᠨ ᠦᠢᠯᠡᠰ ‍ᠦᠨ‌ᠬᠤᠶᠠᠷ ᠲᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠪᠡᠯᠡ ᠣᠷᠣᠭᠤᠯᠤᠯᠲᠠ ᠵᠡᠷᠭᠡ ᠡᠯ᠎ᠡ ᠲᠠᠯ᠎ᠠ ᠪᠠᠷ ᠡᠯ᠎ᠡ ᠲᠦᠷᠦᠯ ᠤᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ;ᠭᠤᠷᠪᠠ ᠳᠤ᠂ ᠪᠡᠶ᠎ᠡ ᠶᠢᠨ ᠲᠠᠮᠢᠷ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠪᠡᠶ᠎ᠡ ᠶᠢᠨ ᠲᠠᠮᠢᠷ ᠤᠨ ᠨᠡᠶᠢᠭᠡᠮᠴᠢᠯᠡᠭᠰᠡᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠠᠳᠠᠭᠠᠳᠤ ᠪᠡᠯᠡ᠂ ᠠᠷᠠᠳ ᠤᠨ ᠪᠡᠯᠡ ᠮᠥᠩᠭᠦ ᠵᠡᠷᠭᠡ ᠡᠯ᠎ᠡ ᠲᠦᠷᠦᠯ ᠤᠨ ᠬᠥᠷᠥᠩᠭᠡ ᠶᠢ ᠲᠠᠲᠠᠵᠤ ᠪᠡᠶ᠎ᠡ ᠶᠢᠨ ᠲᠠᠮᠢᠷ ᠲᠤ ᠣᠷᠣᠭᠤᠯᠵᠤ᠂ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃     ︵ᠭᠤᠷᠪᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠮᠤᠷ ᠲᠦᠪᠰᠢᠨ ᠤ ᠰᠡᠷᠭᠡᠶᠢᠯᠡᠯᠲᠡ ᠶᠢ ᠨᠠᠶᠢᠳᠠᠪᠤᠷᠢᠵᠢᠭᠤᠯᠤᠨ᠎ᠠ     ᠡᠯ᠎ᠡ ᠵᠦᠢᠯ ᠤᠨ ᠤᠷᠤᠯᠳᠤᠭᠠᠨ ᠢ ᠡᠷᠭᠢᠯᠡᠬᠦ ᠠᠴᠠ ᠡᠮᠦᠨ᠎ᠡ ᠤᠷᠤᠯᠳᠤᠭᠠᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ᠨᠢᠭᠡ ᠳᠤ ᠤᠷᠤᠯᠳᠤᠭᠠᠨ ᠤ ᠠᠵᠢᠯᠯᠠᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ᠂ ᠪᠠᠴᠢᠮ ᠪᠠᠶᠢᠳᠠᠯ ᠢ ᠠᠷᠭᠠᠴᠠᠬᠤ᠂ ᠬᠢᠨᠠᠨ ᠬᠠᠮᠢᠶᠠᠷᠬᠤ ᠪᠠ ᠦᠢᠯᠡᠴᠢᠯᠡᠬᠦ ᠥᠨᠳᠥᠷ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠪᠠᠲᠤᠯᠠᠨ᠎ᠠ᠃ᠤᠷᠤᠯᠳᠤᠭᠠᠨ ᠤ ᠠᠵᠢᠯᠯᠠᠭ᠎ᠠ ᠶᠢᠨ ᠲᠠᠯ᠎ᠠ ᠪᠠᠷ᠂ ᠤᠷᠤᠯᠳᠤᠭᠠᠨ  ᠠᠴᠠ ᠡᠮᠦᠨ᠎ᠡ ︽ᠳᠥᠷᠪᠡᠨ ᠲᠥᠰᠥᠯ ᠭᠤᠷᠪᠠᠨ ᠨᠠᠷᠢᠨ ᠲᠠᠩᠰᠠ︾ ᠶᠢ ᠰᠠᠶᠢᠲᠤᠷ ᠬᠢᠵᠦ᠂ ᠤᠷᠤᠯᠳᠤᠭᠠᠨ  ᠠᠴᠠ ᠡᠮᠦᠨᠡᠬᠢ ᠰᠤᠳᠤᠯᠤᠨ ᠮᠠᠭᠠᠳᠯᠠᠯᠲᠠ᠂ ᠤᠷᠤᠯᠳᠤᠭᠠᠨ ᠤ ᠳᠤᠮᠳᠠᠬᠢ ᠵᠢᠯᠣᠭᠤᠳᠤᠯᠭ᠎ᠠ᠂ ᠤᠷᠤᠯᠳᠤᠭᠠᠨ ᠤ ᠳᠠᠷᠠᠭᠠᠬᠢ ᠦᠨᠡᠯᠡᠨ ᠵᠢᠱᠢᠯᠲᠡ ᠶᠢ ᠴᠢᠩᠭᠠᠳᠬᠠᠨ᠂ ︽ᠲᠠᠪᠤ ᠶᠢ ᠪᠦᠷᠢᠯᠳᠦᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠤᠯᠳᠤᠭᠠᠨ ᠤ ︽ᠬᠠᠶᠢᠯᠤᠨ ᠲᠠᠰᠤᠯᠬᠤ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠪᠠᠲᠤ ᠪᠠᠬᠢ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ᠃ᠬᠤᠶᠠᠷ ᠲᠤ᠂ ᠲᠠᠯᠠᠪᠠᠶ ᠶᠢᠨ ᠲᠥᠬᠦᠭᠡᠷᠦᠮᠵᠢ ᠶᠢᠨ ᠲᠠᠯ᠎ᠠ ᠪᠠᠷ ᠂ ᠪᠥᠬᠦ ᠬᠤᠰᠢᠭᠤᠨ ᠤ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ᠤ ᠲᠥᠬᠦᠭᠡᠷᠦᠮᠵᠢ ᠶᠢᠨ ᠠᠮᠤᠷ ᠲᠦᠪᠰᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠲᠥᠬᠦᠭᠡᠷᠦᠮᠵᠢ ᠶᠢᠨ ᠨᠡᠭᠡᠭᠡᠯᠲᠡᠲᠤ ᠦᠢᠯᠡᠴᠢᠯᠡᠭᠡ ᠳᠤ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠷᠤᠮᠵᠢᠯ︾ ᠢ‌‍ᠰᠦ᠋ᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠬᠠᠮᠠᠭᠠᠯᠠᠯᠲᠠ ᠪᠠ ᠬᠤᠪᠢ ᠬᠥᠮᠥᠨ ᠤ ᠮᠡᠳᠡᠭᠡ ᠵᠠᠩᠬᠢ ᠶᠢ ᠬᠠᠮᠠᠭᠠᠯᠠᠯᠲᠠ ᠶᠢ ᠴᠢᠩᠭᠠᠳᠬᠠᠨ᠎ᠠ᠃    ︵ᠳᠥᠷᠪᠡ︶ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠬᠤ ᠬᠡᠷᠡᠭᠲᠡᠢᠬᠠᠷᠠᠯᠲᠠ ᠶᠢᠨ ᠡᠭᠦᠷᠭᠡ ᠶᠢ ᠰᠢᠯᠭᠠᠨ ᠬᠢᠨᠠᠬᠤ ᠳᠦᠷᠢᠮ ᠢ ᠪᠠᠶᠢᠭᠤᠯᠵᠤ᠂ ᠲᠣᠰ ᠭᠠᠵᠠᠷ ᠣᠷᠣᠨ ᠤ ᠬᠡᠷᠡᠭᠵᠢᠭᠦᠯᠬᠦ ᠲᠥᠯᠥᠪᠯᠡᠭᠡ ᠳᠤ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠲᠥᠯᠦᠪᠵᠢᠭᠦᠯᠭᠡ ᠶᠢᠨ ᠣᠨ ᠤ ᠬᠢᠨᠠᠨ ᠬᠡᠮᠵᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠳ᠋ᠦᠩᠨᠡᠵᠦ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠦᠨ᠂ ᠠᠬᠢᠭᠤᠯᠬᠤ ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠪᠠ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠤᠣᠯᠳᠠᠯᠭ᠎ᠠ ᠲᠠᠢ ᠬᠠᠷᠠᠯᠲᠠ ᠪᠠ ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠬᠦ ᠠᠷᠭ᠎ᠠ ᠬᠡᠮᠵᠢᠶ᠎ᠡ ᠪᠠ ᠠᠬᠢᠭᠤᠯᠤᠭᠰᠠᠨ ᠪᠠᠶᠢᠳᠠᠯ ᠳᠤ ᠲᠤᠰᠬᠠᠢ ᠵᠦᠢᠯ ᠤᠨ ᠦᠨᠡᠯᠡᠨ ᠵᠢᠱᠢᠯᠲᠡ ᠬᠢᠵᠦ᠂ 2025 ᠣᠨ ᠪᠣᠯᠬᠤ ᠳᠤ᠂ ᠲᠣᠰ ᠱᠠᠲᠤᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠨ᠎ᠡ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ