【ᠦᠰᠦᠭ ᠪᠢᠴᠢᠭ  ᠤᠨ ᠲᠠᠶᠢᠯᠦᠮᠵᠢ】᠄ ᠤᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ︽ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2022/12/9
     ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠪᠠ ᠦᠨᠳᠦᠰᠦᠯᠡᠯ      ︽ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ 〔2022〕7 ᠳ᠋ᠤᠭᠠᠷ ᠲᠣᠭᠠᠲᠤ︶᠂ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠡᠷᠭᠡ ᠭᠤᠤᠯᠳᠠᠯᠭ᠎ᠠ ᠲᠠᠢ ᠬᠥᠮᠦᠰ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠪᠠᠶᠠᠨᠨᠠᠭᠤᠷ ᠠᠮᠤᠷ ᠵᠥᠪᠯᠡᠯ ᠠᠯᠪᠠᠨ ᠲᠠᠷᠬᠠᠭᠠᠭᠰᠠᠨ 〔2022〕70 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠪᠴᠢᠶ᠎ᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠲᠣᠰ ᠲᠥᠰᠦᠯ ᠢ ᠲᠣᠭᠲᠠᠭᠠᠪᠠ᠃      ᠬᠤᠶᠠᠷ᠂ ᠲᠣᠭᠲᠠᠭᠠᠭᠰᠠᠨ ᠠᠴᠢ ᠬᠤᠯᠪᠣᠭᠳᠠᠯ ᠪᠠ ᠶᠡᠷᠦᠩᠬᠡᠶ ᠪᠣᠳᠣᠯᠬᠢᠯᠠᠯ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠦᠨᠳᠦᠰᠦ ᠪᠣᠯᠭᠠᠵᠤ᠂ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠠᠮᠤᠷ ᠲᠦᠪᠰᠢᠨ ᠤ ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠨᠢᠭᠡ ᠬᠡᠰᠡᠭ ᠤᠰᠤᠨ ᠣᠷᠣᠨ ᠢ ᠣᠷᠬᠢᠭᠳᠠᠭᠤᠯᠬᠤ ᠥᠬᠡᠶ ᠪᠠᠶᠢᠬᠤ ᠪᠠᠷ ᠬᠠᠷᠠᠯᠲᠠ ᠪᠣᠯᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠤᠷᠢᠳᠴᠢᠯᠠᠨ ᠰᠡᠷᠭᠡᠶᠢᠯᠡᠬᠦ ᠠᠵᠢᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠵᠦ᠂ ᠤᠰᠤᠨ ᠳᠤ ᠴᠠᠴᠠᠬᠤ ᠠᠳᠡᠯ ᠭᠠᠷᠬᠤ ᠶᠢ ᠪᠠᠭᠠᠰᠬᠠᠬᠤ ᠪᠠ ᠬᠤᠷᠢᠭᠯᠠᠬᠤ ᠬᠡᠷᠡᠭᠲᠡᠶ᠃      ᠭᠤᠷᠪᠠ᠂ ᠭᠤᠣᠯ ᠠᠭᠤᠯᠭ᠎ᠠ       ︵ᠨᠢᠭᠡ︶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠭᠡᠷ ᠭᠠᠷᠭᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ ᠡᠳᠦᠷ ᠲᠤᠲᠤᠮ ᠤᠨ ᠶᠠᠪᠤᠳᠠᠯ ᠢ ᠬᠠᠷᠢᠭᠤᠴᠠᠭᠤᠯᠬᠤ ᠬᠡᠷᠡᠭᠲᠡᠶ᠃      ︵ᠬᠤᠶᠠᠷ︶ ᠬᠠᠷᠢᠶ᠎ᠠ ᠬᠡᠪᠴᠢᠶᠡᠨ ᠤ ᠪᠠᠨ ᠭᠤᠤᠯ ᠮᠥᠷᠡᠨ ᠨᠠᠭᠤᠷ ᠴᠥᠭᠦᠷᠥᠮ᠂ ᠬᠠᠰᠢᠯᠭ᠎ᠠ ᠳᠠᠯᠠᠩ ᠵᠢᠴᠢ ᠤᠰᠤᠨ ᠵᠠᠮ ᠵᠡᠷᠭᠡ ᠭᠤᠤᠯᠳᠠᠯᠭ᠎ᠠ ᠲᠠᠢ ᠤᠰᠤᠨ ᠣᠷᠣᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠣᠷᠬᠢᠭᠳᠠᠭᠤᠯᠤᠯ ᠢ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ᠂ ᠪᠠᠭ᠎ᠠ ᠳᠡᠭᠡᠷ᠎ᠡ ᠨᠢ ᠰᠡᠷᠭᠡᠶᠢᠯᠡᠬᠦ ᠬᠡᠷᠡᠭᠲᠡᠶ᠃ ᠭᠤᠤᠯ ᠤᠨ ᠳᠠᠷᠤᠭ᠎ᠠ ᠶᠢᠨ ᠠᠯᠪᠠᠨ ᠬᠡᠷ ᠠᠴᠠ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠳᠤ ᠣᠷᠣᠭᠤᠯᠵᠤ᠂ ᠴᠠᠭᠳᠠᠨ ᠪᠠᠶᠢᠴᠠᠭᠠᠬᠤ ᠤᠳᠠᠭ᠎ᠠ ᠶᠢ ᠨᠢᠭᠲᠠᠯᠠᠨ᠂ ᠭᠡᠨᠡᠳᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠠᠶᠤᠯᠲᠠᠶ ᠤᠰᠤᠨ ᠣᠷᠣᠨ ᠳᠤ ᠰᠠᠭᠠᠲᠠᠬᠤ᠂ ᠵᠤᠭᠠᠴᠠᠬᠤ᠂ ᠤᠰᠤᠨ ᠳᠤ ᠨᠠᠭᠠᠳᠬᠤ᠂ ᠵᠢᠭᠠᠰᠤ ᠭᠥᠬᠢᠳᠡᠬᠦ ᠵᠡᠷᠭᠡ  ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠤᠰᠤᠨ ᠳᠤ ᠵᠢᠪᠬᠦ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠃     ︵ᠭᠤᠷᠪᠠ︶ ᠭᠤᠣᠯ ᠨᠠᠭᠤᠷ᠂ ᠤᠰᠤᠨ ᠴᠥᠭᠦᠷᠥᠮ᠂ ᠤᠰᠤ ᠲᠠᠲᠠᠬᠤ ᠥᠷᠲᠡᠭᠡ ᠵᠡᠷᠭᠡ ᠠᠶᠤᠯ ᠲᠠᠢ ᠤᠰᠤᠨ ᠣᠷᠣᠨ᠂ ᠬᠢᠯᠪᠠᠷᠬᠠᠨ ᠠᠳᠡᠯ ᠭᠠᠷᠬᠤ ᠭᠤᠣᠯᠳᠠᠯᠭ᠎ᠠ ᠲᠠᠢ ᠤᠰᠤᠨ ᠣᠷᠣᠨ ᠳᠤ ᠢᠯᠡ ᠲᠣᠳᠣ ᠠᠶᠤᠯ ᠦᠭᠡᠶ ᠶᠢᠨ ᠰᠡᠷᠡᠮᠵᠢ ᠶᠢᠨ ᠲᠡᠮᠳᠡᠭ ᠢ ᠴᠠᠭ ᠲᠤᠬᠠᠶ ᠳᠤᠨᠢ ᠨᠥᠬᠦᠪᠥᠷᠢᠯᠡᠨ ᠪᠠᠶᠢᠭᠤᠯᠬᠤ ᠪᠤᠶᠤ ᠨᠡᠮᠡᠵᠦ ᠪᠠᠶᠢᠷᠢᠯᠠᠭᠤᠯᠤᠨ᠂ ᠲᠤᠰᠠᠭᠠᠷᠯᠠᠬᠤ ᠰᠡᠷᠡᠮᠵᠢ ᠶᠢᠨ ᠣᠷᠣᠨ ᠢ ᠪᠣᠶ ᠪᠣᠯᠭᠠᠵᠤ᠂ ᠶᠠᠪᠠᠭᠠᠨ ᠬᠥᠮᠦᠨ ᠭᠤᠣᠯᠳᠠᠯᠭ᠎ᠠ ᠲᠠᠢ ᠤᠰᠤᠨ ᠣᠷᠣᠨ ᠳᠤ ᠠᠳᠡᠭᠦᠷᠡᠨ ᠣᠷᠣᠬᠤ ᠠᠴᠠ ᠵᠠᠶᠢᠯᠠᠰᠬᠢᠬᠦ ᠬᠡᠷᠡᠭᠲᠡᠶ᠃      ︵ᠳᠥᠷᠪᠡ︶ ᠤᠰᠤᠨ ᠳᠤ ᠵᠢᠪᠬᠦ ᠶᠢ ᠰᠡᠷᠭᠡᠶᠢᠯᠡᠬᠦ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠬᠥᠮᠦᠵᠢᠯ ᠪᠣᠯᠤᠨ ᠤᠰᠤᠨ ᠳᠤ ᠵᠢᠪᠬᠦ ᠶᠢ ᠰᠡᠷᠭᠡᠶᠢᠯᠡᠵᠦ ᠠᠪᠤᠷᠠᠬᠤ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠥᠷᠭᠡᠨ ᠣᠯᠠᠨ ᠲᠦᠮᠡᠨ ᠵᠢᠴᠢ ᠨᠠᠰᠤᠨ ᠳᠤ ᠦᠯᠦ ᠬᠦᠷᠦᠭᠰᠡᠳ ᠤᠨ ᠭᠡᠷ ᠪᠦᠯᠢ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃      ᠳᠥᠷᠪᠡ᠂ ᠠᠵᠢᠯ ᠤᠨ ᠱᠠᠭᠠᠷᠳᠠᠯᠭ᠎ᠠ       ᠡᠯ᠎ᠡ ᠬᠤᠶᠠᠳᠤᠭᠠᠷ ᠳᠡᠰ ᠤᠨ ᠨᠢᠭᠡᠴᠡ᠂ ᠲᠠᠰᠤᠭ ᠤᠳ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠰᠤᠨ ᠳᠤ ᠵᠢᠪᠬᠦ ᠠᠵᠢᠯ ᠢ ᠣᠳᠣᠬᠠᠨ ᠤ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠰᠤᠨ ᠳᠤ ᠬᠤᠯᠪᠣᠭᠳᠠᠬᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃                                                                                 ᠤᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ                                                   2022 ᠣᠨ ᠤ 8 ᠰᠠᠷ᠎ᠠ ᠶᠢᠨ 27 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ