【ᠦᠰᠦᠭ ᠪᠢᠴᠢᠭ ᠤᠨ ᠲᠠᠶᠢᠯᠤᠮᠵᠢ】᠄ ︽  ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ ᠶᠢᠨ ᠬᠠᠶᠢᠷ ᠴᠢᠯᠠᠭᠤᠨ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠲᠤᠰᠬᠠᠶ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠮᠡᠳᠡᠭᠳᠡᠯ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/9
    1 . ᠠᠰᠠᠭᠤᠯᠲᠠ᠄ ᠬᠠᠶᠢᠷ ᠴᠢᠯᠠᠭᠤᠨ ᠮᠠᠲ᠋ᠧᠷᠢᠶᠠᠯ ᠢ ᠨᠡᠭᠡᠭᠡᠨ ᠠᠰᠢᠭᠯᠠᠬᠤ ᠲᠤᠰᠬᠠᠢ ᠴᠡᠭᠴᠡᠯᠡᠯᠲᠡ ᠶᠢᠨ ᠠᠵᠢᠯ ᠨᠢ ᠶᠠᠭᠤ ᠪᠣᠢ︖      ᠬᠠᠷᠢᠭᠤᠯᠲᠠ ᠄ ᠬᠠᠤᠯᠢ ᠲᠣᠭᠲᠠᠭᠠᠯ ᠠᠴᠠ ᠵᠥᠷᠢᠴᠡᠭᠰᠡᠨ ᠬᠠᠶᠢᠷ ᠴᠢᠯᠠᠭᠤᠨ ᠮᠠᠲ᠋ᠧᠷᠢᠶᠠᠯ ᠢ ᠨᠡᠭᠡᠭᠡᠨ ᠠᠰᠢᠭᠯᠠᠬᠤ ᠬᠠᠮᠢᠶ᠎ᠠ ᠪᠥᠬᠦᠶ  ᠦᠢᠯᠡ ᠠᠵᠢᠯᠯᠠᠭ᠎ᠠ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ ᠭᠤᠤᠯ ᠤᠨ ᠬᠤᠩᠭᠢᠯ᠂ ᠭᠤᠤ ᠲᠠᠩ ᠵᠢᠴᠢ ᠬᠠᠶᠠᠭᠳᠠᠮᠠᠯ ᠮᠠᠲ᠋ᠧᠷᠢᠶᠠᠯ ᠤᠨ ᠣᠪᠣᠭ᠎ᠠ᠂ ᠰᠢᠷᠣᠶ ᠭᠠᠷᠭᠠᠬᠤ ᠲᠠᠯᠠᠪᠤᠷ ᠵᠡᠷᠭᠡ ᠣᠷᠣᠨ ᠪᠦᠰᠡ ᠳᠤ ᠴᠢᠭᠯᠡᠭᠦᠯᠦᠨ ᠬᠠᠤᠯᠢ ᠠᠴᠠ ᠵᠥᠷᠢᠴᠡᠨ ᠨᠡᠭᠡᠭᠡᠨ ᠮᠠᠯᠲᠠᠭᠰᠠᠨ᠂ ᠵᠢᠴᠢ ᠬᠠᠮᠢᠶ᠎ᠠ ᠪᠥᠬᠦᠶ ᠬᠠᠶᠢᠷ ᠴᠢᠯᠠᠭᠤᠨ ᠮᠠᠲ᠋ᠧᠷᠢᠶᠠᠯ ᠢ ᠬᠠᠤᠯᠢ ᠠᠴᠠ ᠵᠥᠷᠢᠴᠡᠨ ᠣᠪᠣᠭᠠᠯᠠᠨ ᠬᠠᠳᠠᠭᠠᠯᠠᠭᠰᠠᠨ ᠴᠢᠭ᠂ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠬᠠᠶᠢᠷ ᠴᠢᠯᠠᠭᠤᠨ ᠮᠠᠲ᠋ᠧᠷᠢᠶᠠᠯ ᠵᠥᠭᠡᠭᠡᠪᠦᠷᠢᠯᠡᠬᠦ  ᠦᠢᠯᠡ ᠠᠵᠢᠯᠯᠠᠭ᠎ᠠ᠂ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢ ᠵᠢᠭᠠᠵᠤ ᠪᠣᠢ᠃     2 . ᠠᠰᠠᠭᠤᠯᠲᠠ᠄ ᠶᠠᠭᠤᠨ ᠳᠤ ᠬᠠᠶᠢᠷ ᠴᠢᠯᠠᠭᠤᠨ ᠮᠠᠲ᠋ᠧᠷᠢᠶᠠᠯ ᠢ ᠨᠡᠭᠡᠭᠡᠨ ᠠᠰᠢᠭᠯᠠᠬᠤ ᠠᠵᠢᠯ ᠢ ᠲᠤᠰᠬᠠᠶᠢᠯᠠᠨ ᠴᠡᠭᠴᠡᠯᠡᠬᠦ ᠪᠤᠢ︖      ᠬᠠᠷᠢᠭᠤᠯᠲᠠ᠄ ᠬᠠᠶᠢᠷ ᠴᠢᠯᠠᠭᠤᠨ ᠤ ᠡᠬᠢ ᠪᠠᠶᠠᠯᠢᠭ ᠨᠢ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠲᠠᠢ ᠪᠠᠶᠢᠵᠤ᠂ ᠬᠠᠶᠢᠷ ᠴᠢᠯᠠᠭᠤᠨ ᠤ ᠡᠬᠢ ᠪᠠᠶᠠᠯᠢᠭ ᠢ ᠲᠤᠰᠬᠠᠶ ᠴᠡᠭᠴᠡᠯᠡᠨ ᠵᠠᠰᠠᠬᠤ ᠵᠢᠴᠢ ᠵᠢᠷᠤᠮᠵᠢᠭᠰᠠᠨ ᠡᠵᠡᠩᠨᠡᠯᠲᠡ ᠬᠠᠮᠢᠶᠠᠷᠤᠯᠲᠠ ᠶᠢ ᠥᠷᠨᠢᠭᠦᠯᠬᠦ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠭᠠᠷᠳᠠᠴᠠ ᠪᠣᠯᠬᠤ ᠪᠠᠷ ᠪᠠᠷᠠᠬᠤ ᠥᠬᠡᠶ ᠂ ᠪᠠᠰᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ᠂ ᠭᠤᠤᠯ ᠤᠨ ᠵᠠᠮ ᠤᠨ ᠲᠠᠷᠢᠶᠠᠨ ᠭᠠᠵᠠᠷ ᠢ ᠬᠠᠮᠠᠭᠠᠯᠠᠬᠤ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠠᠶᠢᠷ ᠴᠢᠯᠠᠭᠤᠨ ᠤ ᠡᠬᠢ ᠪᠠᠶᠠᠯᠢᠭ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠢᠴᠢ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃     3 ᠠᠰᠠᠭᠤᠯᠲᠠ᠄ ᠬᠠᠤᠯᠢ ᠲᠣᠭᠲᠠᠭᠠᠯ ᠪᠣᠰᠤ ᠪᠠᠷ ᠬᠠᠶᠢᠷ ᠴᠢᠯᠠᠭᠤᠨ ᠮᠠᠲ᠋ᠧᠷᠢᠶᠠᠯ ᠢ ᠨᠡᠭᠡᠭᠡᠨ ᠠᠰᠢᠭᠯᠠᠬᠤ ᠵᠡᠷᠭᠡ ᠠᠰᠠᠭᠤᠳᠠᠯ ᠢ ᠬᠡᠷᠬᠢᠨ ᠴᠡᠭᠴᠡᠯᠡᠬᠦ ᠪᠤᠢ︖     ᠬᠠᠷᠢᠭᠤᠯᠲᠠ ᠄ ᠭᠤᠤᠯ ᠤᠨ ᠵᠠᠮ ᠢ ᠬᠤᠯᠠᠭᠠᠶᠢᠯᠠᠨ ᠮᠠᠯᠲᠠᠬᠤ᠂ ᠬᠠᠭᠤᠷᠠᠶ ᠭᠠᠵᠠᠷ ᠠᠴᠠ ᠬᠠᠤᠯᠢ ᠪᠤᠰᠤ ᠪᠠᠷ ᠡᠯᠡᠰᠦ ᠠᠪᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠭᠤᠤᠯ ᠤᠨ ᠭᠤᠯᠳᠤᠷᠢᠯ᠂ ᠭᠤᠤ ᠲᠠᠩ ᠵᠢᠴᠢ ᠬᠠᠶᠠᠭᠳᠠᠮᠠᠯ ᠮᠠᠲ᠋ᠧᠷᠢᠶᠠᠯ ᠤᠨ ᠣᠪᠣᠭ᠎ᠠ᠂ ᠰᠢᠷᠣᠶ ᠭᠠᠳᠠᠭᠰᠢᠯᠠᠭᠤᠯᠬᠤ ᠲᠠᠯᠠᠪᠤᠷ ᠵᠡᠷᠭᠡ ᠣᠷᠣᠨ ᠲᠣᠭᠤᠷᠢᠭ ᠲᠤ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ᠬᠤᠰᠢᠭᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠵᠢᠯᠴᠠᠨ ᠰᠠᠨᠠᠭᠠᠴᠢᠯᠠᠭ᠎ᠠ ᠠᠴᠠ ᠪᠠᠨ ᠬᠠᠭᠠᠵᠤ ᠵᠣᠭᠰᠣᠭᠠᠨ᠂ ᠨᠤᠷᠠᠭᠠᠬᠤ ᠥᠬᠡᠶ ᠪᠠᠶᠢᠪᠠᠯ ᠠᠯᠪᠠᠳᠠᠯᠭ᠎ᠠ ᠪᠠᠷ ᠨᠤᠷᠠᠭᠠᠨ᠎ᠠ︔  ᠰᠤᠮᠤᠨ ᠤ ᠬᠡᠪᠴᠢᠶᠡᠨ ᠳᠠᠬᠢ ᠬᠠᠶᠢᠷ ᠴᠢᠯᠠᠭᠤᠨ ᠮᠠᠲ᠋ᠧᠷᠢᠶᠠᠯ ᠢ ᠬᠠᠤᠯᠢ ᠠᠴᠠ ᠵᠥᠷᠢᠴᠡᠨ ᠣᠪᠣᠭᠠᠯᠠᠨ ᠬᠠᠳᠠᠭᠠᠯᠠᠭᠰᠠᠨ ᠴᠡᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠨᠡᠨ ᠮᠥᠨ ᠢᠶᠠᠷ ᠨᠢ ᠬᠤᠰᠢᠭᠤᠨ ᠤ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ︔ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠬᠠᠶᠢᠷ ᠴᠢᠯᠠᠭᠤᠨ ᠮᠠᠲ᠋ᠧᠷᠢᠶᠠᠯ ᠵᠥᠭᠡᠭᠡᠪᠦᠷᠢᠯᠡᠬᠦ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠭᠠᠷᠳᠠᠮ ᠨᠢ ᠪᠦᠷᠢᠨ ᠭᠦᠢᠴᠡᠳ ᠬᠠᠤᠯᠢ ᠶᠣᠰᠣᠨ ᠤ ᠢᠷᠡᠯᠲᠡ ᠲᠠᠢ ᠬᠠᠶᠢᠷ ᠴᠢᠯᠠᠭᠤᠨ ᠮᠠᠲ᠋ᠧᠷᠢᠶᠠᠯ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠬᠥᠰᠬᠡ ᠳᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠪᠠ  ᠪᠦᠷᠬᠦᠪᠴᠢ ᠦᠭᠡᠢ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠲᠣᠭᠤᠰᠣ ᠳᠡᠭᠳᠡᠬᠦ ᠪᠠ ᠪᠠᠷᠠᠭ᠎ᠠ ᠠᠰᠬᠠᠬᠤ ᠶᠢ ᠡᠷᠡᠰ ᠬᠤᠷᠢᠭᠯᠠᠬᠤ ᠬᠡᠷᠡᠭᠲᠡᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ