【ᠦᠰᠦᠭ ᠪᠢᠴᠢᠭ ᠤᠨ ᠲᠠᠶᠢᠯᠤᠮᠵᠢ】: ︽ᠪᠠᠶᠠᠨᠨᠠᠭᠤᠷ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷᠠᠳ ᠤᠨ ᠡᠮᠦᠨᠡᠲᠦ ᠬᠤᠰᠢᠭᠤᠨ ᠤ ᠪᠣᠯᠪᠠᠰᠤᠷᠠᠭᠤᠯᠤᠯ ᠤᠨ ᠲᠥᠪ ᠤᠨ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠵᠢᠭᠠᠨ ᠰᠤᠷᠭᠠᠯᠲᠠ ᠥᠷᠨᠢᠭᠦᠯᠦᠭᠰᠡᠨ ᠮᠡᠳᠡᠭᠦᠯᠦᠯᠲᠡ︾ ᠶᠢᠨ ᠲᠤᠬᠠᠢ ᠴᠣᠬᠤᠯᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/9
    ᠨᠢᠭᠡ᠂ ᠨᠣᠣᠷᠠᠭᠯᠠᠭᠰᠠᠨ ᠠᠬᠤᠢ ᠪᠠᠶᠢᠳᠠᠯ    ᠮᠠᠨ ᠤ ᠬᠤᠰᠢᠭᠤᠨ ᠤ ᠠᠵᠤ ᠠᠬᠤᠶᠢᠯᠠᠯ ᠤᠨ ︽ᠭᠤᠷᠪᠠᠨ ᠵᠦᠢᠯ ᠤᠨ ᠠᠵᠢᠯ ᠤᠨ ᠪᠠᠶᠢᠷᠢ︾ ︵ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠣᠨᠴᠠ ᠲᠥᠷᠥᠯ ᠤᠨ ᠠᠵᠢᠯ ᠬᠢᠭᠰᠡᠳ︶ ᠶᠢᠨ ᠬᠢᠵᠢᠭ ᠤᠨ ᠨᠥᠯᠥᠭᠡ ᠠᠴᠠ ᠪᠣᠯᠵᠤ ᠣᠷᠳᠣ ᠬᠤᠭᠤᠴᠠᠭ᠎ᠠ ᠪᠠᠷ ᠪᠣᠯᠪᠠᠰᠤᠷᠠᠯ ᠳᠤ ᠣᠷᠣᠯᠴᠠᠵᠤ ᠳᠡᠶᠢᠯᠦᠭᠰᠡᠨ ᠦᠭᠡᠢ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠃    ᠬᠤᠶᠠᠷ᠂ ᠣᠷᠣᠨ ᠲᠣᠭᠠᠨ ᠤ ᠦᠨᠳᠦᠰᠦᠯᠡᠯ    ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠪᠠᠶᠠᠨᠨᠠᠭᠤᠷ ᠤᠨ ᠠᠵᠢᠯ ᠮᠡᠷᠭᠡᠵᠢᠯ ᠤᠨ ᠰᠤᠷᠭᠠᠭᠤᠯᠢ ᠵᠢᠨ‌ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠬᠥᠮᠦᠵᠢᠯ ᠥᠷᠨᠢᠭᠦᠯᠬᠦ ᠭᠤᠶᠤᠴᠢᠯᠠᠯ ᠤᠨ ᠲᠤᠬᠠᠢ ᠴᠣᠬᠤᠯᠠᠪᠤᠷᠢ︾ ᠢᠶᠠᠷ ᠦᠨᠳᠦᠰᠦ ᠪᠠᠷᠢᠮᠲᠠ ᠪᠣᠯᠭᠠᠪᠠ᠃    ᠭᠤᠷᠪᠠ᠂ ᠶᠠᠮᠠᠷ ᠶᠠᠮᠠᠷ ᠬᠥᠮᠥᠰ ᠪᠣᠯᠪᠠᠰᠤᠷᠠᠯ ᠳᠤ ᠣᠷᠣᠯᠴᠠᠵᠤ ᠪᠣᠯᠬᠤ ᠪᠤᠢ    ᠪᠠᠶᠠᠨᠨᠠᠭᠤᠷ ᠬᠤᠲᠠ ᠶᠢᠨ ᠰᠤᠷᠤᠭᠴᠢᠳ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠳᠤ ᠣᠷᠣᠯᠴᠠᠵᠤ ᠪᠣᠯᠣᠨ᠎ᠠ᠂ ᠪᠠᠶᠠᠨᠨᠠᠭᠤᠷ ᠬᠤᠲᠠ  ᠠᠴᠠ ᠭᠠᠳᠠᠨᠠᠬᠢ ᠰᠤᠷᠤᠭᠴᠢᠳ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠳᠤ ᠲᠦᠷ ᠣᠷᠣᠯᠴᠠᠵᠤ ᠪᠣᠯᠬᠤ ᠦᠭᠡᠢ᠂ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠢ ᠬᠡᠷᠡᠭᠵᠢᠭᠦᠯᠦᠨ᠎ᠡ᠃    ᠳᠥᠷᠪᠡ᠂ ᠪᠣᠯᠪᠠᠰᠤᠷᠠᠭᠤᠯᠤᠯ ᠳᠤ ᠣᠷᠣᠯᠴᠠᠭᠰᠠᠳ ᠶᠠᠮᠠᠷ ᠶᠠᠮᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠣᠶ    ᠬᠤᠲᠠ᠂ ᠬᠤᠰᠢᠭᠤ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠰᠠᠶᠢᠲᠤᠷ ᠬᠢᠵᠦ᠂ ᠪᠣᠯᠪᠠᠰᠤᠷᠠᠭᠤᠯᠤᠯ ᠤᠨ ᠠᠵᠢᠯᠲᠠᠨ ᠢ ᠡᠳᠦᠷ ᠪᠦᠷᠢ ᠲᠠᠯᠠᠪᠤᠷ ᠤᠨ ᠨᠣᠮᠧᠷ ᠢ ᠰᠢᠷᠪᠢᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃     ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠄ ︽ᠪᠠᠶᠠᠨᠨᠠᠭᠤᠷ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷᠠᠳ ᠤᠨ ᠡᠮᠦᠨᠡᠲᠦ ᠬᠤᠰᠢᠭᠤᠨ ᠤ ᠪᠣᠯᠪᠠᠰᠤᠷᠠᠭᠤᠯᠤᠯ ᠤᠨ ᠲᠥᠪ ᠤᠨ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠵᠢᠭᠠᠨ ᠰᠤᠷᠭᠠᠯᠲᠠ ᠶᠢ ᠥᠷᠨᠢᠭᠦᠯᠦᠭᠰᠡᠨ ᠮᠡᠳᠡᠭᠦᠯᠦᠯᠲᠡ︾ ᠶᠢᠨ ᠲᠤᠬᠠᠢ ᠴᠣᠬᠤᠯᠠᠪᠤᠷᠢ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ