ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  2022 ᠣᠨ ᠤ ᠨᠢᠭᠡᠳᠦᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2022/12/9
 ︽ᠤᠷᠠᠳ ᠤᠨ ᠡᠮᠦᠨᠡᠲᠦ ᠬᠤᠰᠢᠭᠤᠨ ᠳᠤ ᠣᠷᠣᠭᠰᠠᠳ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ             ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠳᠤ᠄           ᠡᠳᠦᠭᠡ ︽ᠤᠷᠠᠳ ᠤᠨ ᠡᠮᠦᠨᠡᠲᠦ ᠬᠤᠰᠢᠭᠤᠨ ᠳᠤ ᠣᠷᠣᠭᠰᠠᠨ ︵ᠪᠤᠴᠠᠭᠰᠠᠨ︶ ᠬᠥᠮᠦᠰ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                   2022 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ               ᠤᠷᠠᠳ ᠤᠨ ᠡᠮᠦᠨᠡᠲᠦ ᠬᠤᠰᠢᠭᠤᠨ ᠳᠤ ᠣᠷᠣᠬᠤ ᠪᠠᠷ ᠪᠠᠶᠢᠭ᠎ᠠ ᠨᠠᠶᠢᠵᠠ ᠨᠠᠷ ᠡ᠄        ᠣᠳᠣᠬᠠᠨ ᠳᠤ᠂ ᠪᠦᠬᠦ ᠳᠡᠯᠡᠬᠡᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠡᠭᠦᠰᠴᠦ᠂ ᠤᠯᠤᠰ ᠤᠨ ᠳᠣᠲᠣᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠲᠠᠷᠬᠠᠨ ᠳᠡᠯᠭᠡᠷᠡᠬᠦ ᠪᠠ ᠬᠡᠪᠴᠢᠶ᠎ᠡ ᠲᠥᠪᠯᠡᠷᠡᠬᠦ ᠵᠡᠷᠭᠡ ᠪᠠᠷ ᠣᠷᠣᠰᠢᠬᠤ ᠪᠠᠶᠢᠳᠠᠯ ᠢᠯᠡᠷᠡᠵᠦ ᠪᠠᠶᠢᠨ᠎ᠠ᠂ ᠢᠯᠠᠩᠭᠤᠶ᠎ᠠ ᠰᠢᠨ᠎ᠡ ᠲᠢᠲᠢᠮᠯᠢᠭ ᠸᠢᠷᠦ᠋ᠰ ᠨᠡᠩ ᠥᠨᠳᠥᠷ ᠬᠠᠯᠳᠠᠪᠤᠷᠢᠯᠠᠬᠤ ᠴᠢᠨᠠᠷᠲᠠᠢ ᠪᠠᠶᠢᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠦᠷᠭᠦᠯᠵᠢᠯᠡᠨ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠡᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠠᠢ᠃ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠤᠷᠠᠭᠤᠯᠵᠤ᠂ ᠲᠠ ᠪᠣᠯᠤᠨ ᠬᠡᠷ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠰ ᠡᠳᠦᠷ ᠠᠴᠠ ᠡᠬᠢᠯᠡᠨ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠣᠷᠣᠵᠤ ᠢᠷᠡᠭᠰᠡᠨ ︵ᠪᠤᠴᠠᠵᠤ ᠢᠷᠡᠭᠰᠡᠨ︶ ᠬᠥᠮᠦᠨ ᠪᠦᠬᠦᠨ ᠳᠤ᠂ ᠲᠠ ᠭᠠᠳᠠᠭᠰᠢ ᠭᠠᠷᠬᠤ ᠠᠴᠠ 3 ᠡᠳᠦᠷ ᠤᠨ ᠡᠮᠦᠨ᠎ᠡ ︽ᠤᠷᠠᠳ ᠤᠨ ᠡᠮᠦᠨᠡᠲᠦ ᠬᠤᠰᠢᠭᠤᠨ ᠳᠤ ᠣᠷᠣᠵᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ ᠬᠤᠶᠠᠷ ᠬᠡᠮᠵᠢᠯᠳᠦ ᠺᠣᠳ᠋︾ ᠢ ᠰᠢᠷᠪᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠦᠨ ᠬᠦᠷᠭᠡᠵᠦ ᠳᠠᠩᠰᠠᠯᠠᠭᠤᠯᠤᠭᠠᠷᠠᠶ᠃ ᠤᠷᠠᠳ ᠤᠨ ᠡᠮᠦᠨᠡᠲᠦ ᠬᠤᠰᠢᠭᠤᠨ ᠤ ᠬᠢᠯᠢ ᠳᠤ ᠤᠷᠤᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠰᠤᠷᠪᠤᠯᠵᠢᠯᠠᠭᠰᠠᠨ ᠨᠢᠭᠡᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠮᠡᠳᠡᠭᠦᠯᠵᠦ᠂ ᠪᠠᠶᠠᠨᠨᠠᠭᠤᠷ ᠬᠤᠲᠠ ᠵᠢᠴᠢ ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠬᠠᠷᠢᠭᠤᠴᠠᠯᠭ᠎ᠠ ᠪᠠᠨ ᠭᠦᠢᠴᠡᠳᠭᠡᠵᠦ᠂  ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠥᠬᠡᠶ᠂ ᠬᠤᠳᠠᠯ ᠢᠶᠠᠷ ᠮᠡᠳᠡᠭᠦᠯᠵᠦ᠂ ᠨᠢᠭᠤᠵᠤ ᠳᠠᠷᠤᠭᠠᠳ ᠮᠡᠳᠡᠭᠦᠯᠦᠭᠰᠡᠨ ᠥᠬᠡᠶ ᠠᠴᠠ ᠪᠣᠯᠵᠣ ᠬᠢᠵᠢᠭ ᠲᠠᠷᠬᠠᠬᠤ ᠳᠤ ᠭᠦᠷᠪᠡᠯ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃       ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠰ ᠣᠯᠠᠨᠲᠠ ᠶᠠᠪᠤᠵᠤ᠂ ᠨᠤᠲᠤᠭ ᠲᠠᠭᠠᠨ ᠪᠤᠴᠠᠬᠤ ᠵᠠᠮ ᠬᠤᠯᠠ ᠪᠣᠯᠬᠤᠷ ᠬᠠᠯᠳᠠᠪᠤᠷᠢᠯᠠᠬᠤ ᠠᠶᠤᠯ ᠲᠦᠭᠰᠢᠭᠦᠷᠢ ᠲᠦᠢᠯ ᠤᠨ ᠠᠮᠠᠷᠬᠠᠨ ᠢᠶᠠᠷ ᠨᠡᠮᠡᠭᠳᠡᠨ᠎ᠡ᠃ ᠬᠢᠵᠢᠭ ᠤᠨ ᠪᠠᠶᠢᠳᠠᠯ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠨ ᠬᠠᠷ᠎ᠠ ᠶᠢᠨ ᠨᠡᠭᠦᠳᠡᠯ ᠠᠴᠠ ᠪᠣᠯᠵᠣ ᠬᠠᠯᠳᠠᠪᠤᠷᠢᠯᠠᠬᠤ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠢᠳᠡ ᠤᠷᠠᠳ ᠤᠨ ᠡᠮᠦᠨᠡᠲᠦ ᠬᠤᠰᠢᠭᠤᠨ ᠳᠤ ᠨᠤᠲᠤᠭ ᠲᠠᠢ ᠬᠥᠮᠦᠰ ᠪᠣᠯᠤᠨ ᠭᠠᠳᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠨᠠᠷ ᠠᠯᠢ ᠴᠢᠳᠠᠬᠤ ᠪᠠᠷ ᠲᠤᠬᠠᠶ ᠶᠢᠨ ᠭᠠᠵᠠᠷ ᠲᠠᠭᠠᠨ ᠰᠢᠨᠡᠯᠡᠵᠦ᠂ ᠴᠢᠬᠤᠯᠠ ᠪᠤᠰᠤ ᠪᠠᠶᠢᠳᠠᠯ ᠳᠤ ᠶᠠᠪᠤᠵᠤ ᠰᠠᠭᠤᠬᠤ ᠶᠢ ᠪᠠᠭᠠᠰᠬᠠᠬᠤ ᠶᠢ ᠤᠷᠢᠶᠠᠯᠠᠵᠤ ᠪᠠᠶᠢᠨ᠎ᠠ᠂ ᠣᠯᠠᠨ ᠢᠶᠠᠷ ᠢᠶᠠᠨ ᠴᠢᠬᠤᠯᠠ ᠪᠣᠰᠤ ᠪᠣᠯ ᠤᠷᠠᠳ ᠤᠨ ᠡᠮᠦᠨᠡᠲᠦ ᠬᠤᠰᠢᠭᠤᠨ ᠳᠤ ᠪᠤᠴᠠᠬᠤ ᠦᠭᠡᠢ᠂ ᠴᠢᠬᠤᠯᠠ ᠪᠣᠰᠤ ᠪᠣᠯ ᠤᠷᠠᠳ ᠤᠨ ᠡᠮᠦᠨᠡᠲᠦ ᠬᠤᠰᠢᠭᠤᠨ ᠠᠴᠠ ᠰᠠᠯᠬᠤ ᠦᠭᠡᠢ ᠪᠠᠶᠢᠬᠤ ᠬᠡᠷᠡᠭᠲᠡᠢ᠃      ᠬᠠᠮᠤᠭ ᠡᠴᠦᠰ ᠲᠤ᠂ ᠤᠷᠠᠳ ᠤᠨ ᠡᠮᠦᠨᠡᠲᠦ ᠬᠤᠰᠢᠭᠤᠨ ᠤ ᠭᠠᠳᠠᠷ ᠣᠷᠣᠨ ᠳᠤ ᠪᠠᠶᠢᠭ᠎ᠠ ᠨᠠᠶᠢᠵᠠ ᠨᠥᠬᠦᠳ ᠤᠨ ᠬᠢᠨ ᠤ ᠨᠤᠲᠤᠭ ᠤᠰᠤᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠶᠢᠯᠠᠭᠠᠵᠤ᠂ ᠳᠡᠮᠵᠢᠵᠦ᠂ ᠬᠠᠮᠵᠢᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠄ 0478—321859  ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478—2216466  ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0478—3260775                                                                   ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                               ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                   2022 ᠣᠨ ᠤ 1ᠳ᠋ᠦ᠋ᠭᠡᠷ ᠰᠠᠷ᠎ᠠ ᠶᠢᠨ 10 ᠤ ᠡᠳᠦᠷ ᠤᠷᠠᠳ ᠰᠢᠨ᠎ᠡ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ ( 2022 ) 4  ᠳ᠋ᠦ᠋ᠭᠡᠷ ᠨᠣᠮᠧᠷ     ︽ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠠᠯ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ  ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄     ᠡᠳᠦᠭᠡ ︽ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠭᠠᠷᠠᠢ᠃                                ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                   ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                2022 ᠣᠨ ᠤ 1 ᠰᠠᠷ᠎ᠠ ᠶᠢᠨ 15        ᠣᠶᠢᠷ᠎ᠠ  ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ  ᠶᠢᠨ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ ᠭᠠᠷᠴᠤ ᠪᠠᠶᠢᠨ᠎ᠠ᠂ ᠡᠨᠡ  ᠬᠦ ᠣᠨᠳᠣᠣᠰᠢᠭᠰᠠᠨ ᠰᠢᠨ᠎ᠡ ᠲᠢᠲᠢᠮᠯᠢᠭ ᠸᠢᠷᠦ᠋ᠰ ᠨᠢ ᠨᠡᠩ ᠶᠡᠭᠡ ᠬᠠᠯᠳᠠᠪᠤᠷᠢᠯᠠᠬᠤ ᠴᠢᠨᠠᠷᠲᠠᠢ ᠪᠠᠶᠢᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠦᠷᠭᠦᠯᠵᠢᠯᠡᠨ ᠨᠡᠮᠡᠭᠳᠡᠵᠦ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠨᠡᠩ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠣᠯᠵᠤ ᠪᠠᠶᠢᠨ᠎ᠠ᠃ ᠡᠪᠦᠯ ᠬᠠᠪᠤᠷ ᠤᠨ ᠤᠯᠠᠷᠢᠯ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ  ᠢ ᠰᠡᠷᠭᠡᠶᠢᠯᠡᠬᠦ ᠵᠠᠩᠭᠢᠯᠠᠭ᠎ᠠ  ᠶᠢᠨ ᠬᠤᠭᠤᠴᠠᠭ᠎ᠠ ᠮᠥᠨ᠂ ᠠᠮᠠᠪᠴᠢ ᠵᠡᠭᠦᠬᠦ ᠶᠠᠪᠤᠳᠠᠯ  ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠪᠣᠯ ᠬᠢᠵᠢᠭ ᠤᠨ ᠥᠷᠭᠡᠵᠢᠨ ᠳᠡᠯᠭᠡᠷᠡᠬᠦ  ᠶᠢ ᠰᠡᠷᠭᠡᠶᠢᠯᠡᠬᠦ᠂ ᠣᠯᠠᠨ ᠨᠡᠶᠢᠲᠡ  ᠶᠢᠨ ᠰᠣᠯᠪᠢᠴᠠᠨ ᠬᠠᠯᠳᠠᠪᠤᠷᠢᠯᠠᠬᠤ  ᠶᠢ ᠪᠠᠭᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠪᠠᠰᠠ ᠴᠤ ᠥᠪᠡᠷ ᠤᠨ ᠪᠡᠶ᠎ᠡ ᠪᠣᠯᠣᠨ ᠭᠡᠷ ᠤᠨ ᠬᠥᠮᠥᠰ  ᠢᠶᠠᠨ ᠬᠠᠮᠠᠭᠠᠯᠠᠬᠤ ᠬᠠᠮᠤᠭ ᠤᠨ ᠳᠥᠭᠦᠮ᠂  ᠬᠠᠮᠤᠭ ᠤᠨ ᠬᠢᠮᠳᠠ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠮᠥᠨ᠃ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠰᠠᠭᠤᠭᠠᠯᠢ ᠠᠷᠠᠳ ᠤᠨ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ ᠶᠢ ᠪᠠᠷᠢᠮᠲᠠᠯᠠᠬᠤ ᠲᠤᠬᠠᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠣᠰ ᠡᠳᠦᠷ ᠠᠴᠠ ᠡᠬᠢᠯᠡᠨ᠂ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂  ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ᠂ ᠺᠢᠨᠣ᠋ ᠵᠦᠴᠦᠭᠡ ᠶᠢᠨ ᠲᠢᠶᠠᠲᠷ ᠵᠢᠴᠢ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠬᠥᠮᠥᠰ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠬᠥᠮᠥᠰ ᠡᠷᠬᠡᠪᠰᠢ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠠᠮᠠᠪᠴᠢ ᠵᠡᠭᠦᠵᠦ᠂ ᠪᠣᠶ ᠪᠦᠬᠦᠢ ᠠᠵᠢᠯᠲᠠᠨ ᠠᠵᠢᠯ ᠤᠨ ᠪᠠᠶᠢᠷᠢ ᠳᠤ ᠭᠠᠷᠬᠤ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠢ᠃ᠠᠮᠠᠪᠴᠢ ᠵᠡᠭᠦᠭᠰᠡᠨ ᠦᠭᠡᠢ ᠵᠣᠴᠢᠳ ᠪᠤᠶᠤ ᠠᠵᠢᠯ ᠡᠷᠬᠢᠯᠡᠭᠰᠡᠳ ᠢ ᠴᠠᠭ ᠲᠤᠬᠠᠢ ᠳᠤᠨᠢ ᠢᠳᠬᠠᠨ ᠬᠤᠷᠢᠭᠯᠠᠬᠤ ᠬᠡᠷᠡᠭᠲᠡᠢ᠂ ᠡᠯ᠎ᠡ ᠲᠥᠷᠥᠯ ᠤᠨ ᠲᠠᠯᠠᠪᠤᠷ ᠲᠤ ᠣᠷᠣᠵᠤ ᠪᠣᠯᠬᠤ ᠦᠭᠡᠢ᠃     ᠬᠤᠶᠠᠷ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯᠠᠪᠤᠷ ᠲᠤ ᠣᠷᠣᠭᠰᠠᠳ ᠤᠨ ᠠᠮᠠᠪᠴᠢ ᠵᠡᠭᠦᠬᠦ ᠵᠡᠷᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠲᠠᠯᠠᠪᠤᠷ ᠤᠨ ᠣᠷᠣᠬᠤ ᠡᠭᠦᠳᠡᠨ ᠳᠤ ᠢᠯᠡ ᠲᠣᠳᠣ ᠠᠮᠠᠪᠴᠢ ᠵᠡᠭᠦᠬᠦ ᠰᠠᠨᠠᠭᠤᠯᠤᠮᠵᠢ ᠲᠣᠬᠢᠷᠠᠭᠤᠯᠬᠤ ᠬᠡᠷᠡᠭᠲᠡᠢ᠃     ᠭᠤᠷᠪᠠ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠰᠠᠨᠠᠭᠠᠴᠢᠯᠠᠭ᠎ᠠ  ᠠᠴᠠ ᠪᠠᠨ ᠴᠢᠩᠭᠠᠷᠠᠭᠤᠯᠵᠤ᠂ ᠳᠡᠯᠭᠡᠭᠦᠷ ᠤᠨ ᠴᠣᠩᠬᠤ᠂ ᠡᠯᠧᠺᠲᠷᠣᠨ ᠳᠡᠯᠭᠡᠴᠡ᠂ ᠸᠢᠴᠠᠲ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠢᠵᠢᠭ ᠤᠨ ᠪᠠᠶᠢᠳᠠᠯ ᠤᠨ ᠲᠤᠬᠠᠢ ᠰᠣᠨᠣᠷ ᠰᠡᠷᠡᠮᠵᠢ ᠲᠠᠢ ᠪᠠᠶᠢᠬᠤ ᠶᠢ ᠰᠠᠨᠠᠭᠤᠯᠵᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠨ᠂ ᠬᠤᠪᠢ ᠬᠥᠮᠥᠨ ᠪᠠ ᠭᠡᠷ ᠪᠦᠯᠢ ᠶᠢᠨ ᠬᠠᠮᠠᠭᠠᠯᠠᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠢ᠃    ᠳᠥᠷᠪᠡ᠂ ᠥᠷᠭᠡᠨ ᠤᠯᠠᠨ ᠰᠠᠭᠤᠭᠠᠯᠢ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠠᠪᠴᠢ ᠵᠡᠭᠦᠬᠦ᠂  ᠭᠠᠷ ᠢᠶᠠᠨ ᠰᠠᠶᠢᠲᠤᠷ ᠤᠬᠢᠶᠠᠬᠤ ᠵᠡᠷᠭᠡ ᠰᠠᠶᠢᠨ ᠰᠠᠶᠢᠬᠠᠨ ᠳᠠᠳᠬᠠᠯ ᠲᠠᠢ ᠪᠠᠶᠢᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠠᠮᠠᠪᠴᠢ ᠵᠡᠭᠦᠬᠦ ᠶᠢ ᠰᠢᠨᠵᠢᠯᠡᠬᠦ ᠤᠬᠠᠭᠠᠨᠴᠢ ᠪᠠᠷ ᠳᠦᠷᠢᠮᠵᠢᠭᠦᠯᠬᠦ ᠶᠢᠨ ᠬᠠᠮᠲᠤ ᠴᠠᠭ ᠲᠤᠬᠠᠢ ᠳᠤᠨᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠢ᠃ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0478 ︱ 3211859ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478 ︱ 2216466ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠄ 0478 ︱ 3260775                                ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                   ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                  2022 ᠣᠨ ᠤ 1 ᠰᠠᠷ᠎ᠠ ᠶᠢᠨ 15          ᠤᠷᠠᠳ ᠰᠢᠨ᠎ᠡ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ ︵2022︶ 6 ᠳ᠋ᠤᠭᠠᠷ ᠨᠣᠮᠧᠷ︽ᠤᠷᠠᠳ ᠤᠨ ᠡᠮᠦᠨᠡᠲᠦ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠥᠰᠥᠯ ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠠᠯ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄    ᠡᠳᠦᠭᠡ ︽ᠤᠷᠠᠳ ᠤᠨ ᠡᠮᠦᠨᠡᠲᠦ ᠬᠤᠰᠢᠭᠤᠨ ᠤ ᠰᠢᠨ᠎ᠡ  ᠲᠢᠲᠢᠮᠢᠯᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠲᠤᠭᠠᠢ᠃                                ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                   ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                            2022 ᠣᠨ ᠤ 2 ᠰᠠᠷ᠎ᠠ ᠶᠢᠨ 16     ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ᠂ ᠮᠠᠨᠵᠤᠤᠷ ᠬᠤᠲᠠ ᠶᠢᠨ ᠬᠢᠨ ᠵᠠᠯᠭᠠᠭ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠠᠵᠢᠯᠲᠠᠨ ᠢ ᠪᠠᠶᠢᠴᠠᠭᠠᠨ ᠭᠠᠷᠭᠠᠵᠠᠢ᠃ ᠪᠠᠶᠠᠷ ᠤᠨ ᠳᠠᠷᠠᠭᠠᠬᠢ ᠬᠢᠵᠢᠭ ᠤᠨ ᠪᠠᠶᠢᠳᠠᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠢ ᠦᠨᠳᠦᠰᠦᠯᠡᠨ᠂ ︽ᠭᠠᠳᠠᠨ᠎ᠠ ᠠᠴᠠ  ᠣᠷᠤᠬᠤ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠨᠢ 2 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢᠬᠢ ᠬᠥᠬᠡᠬᠤᠲᠠ ᠶᠢᠨ ᠠᠶᠠᠯᠠᠯ ᠤᠨ ᠲᠡᠦᠬᠡ ᠲᠠᠢ ᠬᠥᠮᠥᠰ ᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠬᠤ ᠶᠢᠨ ᠬᠠᠮᠲᠤ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠢᠭᠤᠳᠬᠠᠨ ᠠᠷᠢᠯᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠳᠠᠷᠠᠭᠠᠯᠠᠨ ᠪᠠᠶᠢᠴᠠᠭᠠᠭᠠᠳ ᠢᠯᠡᠷᠡᠭᠦᠯᠦᠭᠰᠡᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠰᠢᠶᠠᠩ ᠾᠧ  ᠪᠠᠭ᠎ᠠ ᠲᠣᠭᠤᠷᠢᠭ᠂ ᠲᠤᠸ ᠯᠢ ᠸᠧᠨ ᠶᠤᠸᠠᠨ᠂ ᠺᠦᠨ ᠲᠠᠢ ᠵᠢᠵᠢᠭ ᠲᠣᠭᠤᠷᠢᠭ᠂ ᠰᠠᠶᠢᠬᠠᠨ ᠲᠣᠭᠤᠷᠢᠭ ᠤᠨ ᠢ ᠾᠧ  ᠪᠠᠭ᠎ᠠ ᠲᠣᠭᠤᠷᠢᠭ  ᠤᠨ ᠠᠶᠠᠯᠠᠯ ᠤᠨ ᠲᠡᠦᠬᠡ ᠵᠢᠴᠢ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠷᠭ᠎ᠠ ᠴᠢᠨᠠᠷᠲᠠᠢ ᠬᠥᠮᠥᠰ ᠤᠨ ᠠᠵᠢᠯᠯᠠᠭ᠎ᠠ ᠶᠢᠨ ᠵᠠᠮ ᠮᠥᠷ ᠲᠠᠢ ᠳᠠᠪᠬᠤᠴᠠᠭᠰᠠᠨ ᠬᠥᠮᠥᠰ ᠲᠤ ︽7 ᠡᠳᠦᠷ ᠤᠨ ᠭᠡᠷ ᠪᠦᠯᠢ ᠤᠨ ᠲᠤᠰᠠᠭᠠᠷᠯᠠᠯ + 7 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠤᠨ᠎ᠠ᠃     ᠬᠤᠶᠠᠷ᠂ 2 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢ ᠬᠥᠬᠡᠬᠤᠲᠠ᠂ ᠮᠠᠨᠵᠤᠤᠷ ᠬᠤᠲᠠ ᠶᠢᠨ ᠵᠢᠭᠤᠯᠴᠢᠯᠠᠯ ᠤᠨ ᠲᠡᠦᠬᠡ ᠲᠠᠢ ᠰᠠᠭᠤᠭᠠᠯᠢ ᠠᠷᠠᠳ ᠡᠷᠬᠡᠪᠰᠢ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠣᠣᠷ᠎ᠠ ᠳᠠᠷᠤᠶᠢᠬᠠᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠬᠦ ᠶᠢᠨ ᠬᠠᠮᠲᠤ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠪᠤᠶᠤ ᠪᠠᠭᠤᠳᠠᠯ ᠳᠤ ᠬᠤᠨᠣᠬᠤ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠢ ᠭᠠᠷᠭᠠᠬᠤ  ᠠᠴᠠ ᠡᠮᠦᠨ᠎ᠡ᠂ ᠲᠦᠷ ᠴᠠᠭ ᠭᠡᠷ ᠠᠴᠠ ᠪᠠᠨ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠃ ︽ᠨᠥᠬᠦᠵᠦ ᠭᠦᠢᠴᠡᠭᠡᠬᠦ︾ ᠵᠠᠷᠴᠢᠮ ᠶᠣᠰᠣᠭᠠᠷ᠂ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠨᠠᠭᠠᠴᠢᠯᠠᠭ᠎ᠠ   ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠵᠤ ︵ᠬᠥᠬᠡᠬᠤᠲᠠ᠂ ᠮᠠᠨᠵᠤᠤᠷ ᠬᠤᠲᠠ  ᠠᠴᠠ ᠰᠠᠯᠤᠭᠰᠠᠨ ᠴᠠᠭ ᠢᠶᠠᠷ ᠡᠬᠢᠯᠡᠯᠲᠡ ᠶᠢᠨ ᠴᠡᠭ ᠪᠣᠯᠭᠠᠨ ᠪᠤᠳᠤᠨ᠎ᠠ︶᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠲᠤ ᠬᠦᠷᠴᠦ ᠪᠣᠯᠬᠤ ᠦᠭᠡᠢ᠃     ᠭᠤᠷᠪᠠ᠂ ︽ᠬᠥᠬᠡᠬᠤᠲᠠ ᠶᠢᠨ ᠰᠢᠨ᠎ᠡ ᠲᠢᠲᠢᠮᠯᠢᠭ  ᠠᠭᠤᠰᠭᠢᠨ ᠸᠢᠷᠦ᠋ᠰ ᠤᠨ ᠬᠠᠯᠳᠠᠪᠤᠷᠢᠯᠠᠯ ᠢ ᠠᠷᠭᠠᠴᠠᠬᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷ︾ ︵2022 ᠣᠨ ᠤ 8 ᠳ᠋ᠤᠭᠠᠷ ᠲᠣᠭᠠᠲᠤ︶ ᠳᠤ᠄ ︽ᠵᠠᠪᠠᠯ ᠬᠥᠬᠡᠬᠤᠲᠠ ᠠᠴᠠ ᠰᠠᠯᠬᠤ ᠦᠭᠡᠢ ᠪᠠᠶᠢᠬᠤ ᠬᠡᠷᠡᠭᠲᠡᠢ᠂ ᠬᠡᠷᠪᠡ ᠦᠨᠡᠬᠡᠷ ᠰᠠᠯᠬᠤ ᠴᠢᠬᠤᠯᠠᠲᠠᠢ ᠪᠣᠯ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠬᠤ ᠬᠡᠷᠡᠭᠲᠡᠢ︾ ᠭᠡᠵᠦ ᠲᠣᠳᠣᠷᠬᠠᠢ ᠲᠣᠭᠲᠠᠭᠠᠵᠠᠢ᠃ ᠲᠣᠰ ᠡᠳᠦᠷ ᠠᠴᠠ ᠡᠬᠢᠯᠡᠨ᠂ ᠬᠥᠬᠡᠬᠤᠲᠠ   ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠥᠰ ᠤᠨ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠪᠠ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠵᠤ᠂ ᠮᠠᠨ ᠤ ᠬᠤᠰᠢᠭᠤᠨ ᠳᠤ ᠣᠷᠣᠭᠰᠠᠨ ᠤ ᠳᠠᠷᠠᠭᠠᠬᠢ 3 ᠡᠳᠦᠷ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠡᠭᠦᠨ ᠤ ᠬᠠᠮᠲᠤ᠂ ᠬᠥᠬᠡᠬᠤᠲᠠ ᠳᠤ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠠᠴᠠ ᠬᠥᠬᠡᠬᠤᠲᠠ ᠳᠤ ᠢᠷᠡᠭᠰᠡᠨ ᠬᠥᠮᠥᠰ ᠰᠠᠨᠠᠭᠠᠴᠢᠯᠠᠭ᠎ᠠ ᠠᠴᠠ ᠪᠠᠨ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠴᠢᠬᠤᠯᠠᠲᠠᠢ ᠪᠠᠶᠢᠨ᠎ᠠ᠃     ᠳᠥᠷᠪᠡ᠂ ᠪᠥᠬᠦ ᠬᠤᠰᠢᠭᠤᠨ ᠤ ᠬᠤᠪᠢ ᠶᠢᠨ ᠡᠭᠦᠳᠡᠨ ᠡᠮᠨᠡᠯᠭᠡ ᠪᠠ ᠬᠠᠯᠠᠭᠤᠷᠠᠯ ᠤᠨ ᠡᠭᠦᠳᠡᠨ ᠡᠮᠨᠡᠯᠭᠡ ᠲᠣᠬᠢᠷᠠᠭᠤᠯᠤᠭᠠᠳᠤᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠯᠠᠭᠤᠷᠠᠯ ᠤᠨ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ ᠪᠣᠯᠬᠤ ᠦᠭᠡᠢ᠃ ᠪᠥᠬᠦ ᠬᠤᠰᠢᠭᠤᠨ ᠤ ᠡᠯ᠎ᠡ ᠲᠥᠷᠥᠯ ᠤᠨ ᠡᠮ ᠤᠨ ᠳᠡᠯᠭᠡᠭᠦᠷ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ᠡᠳ᠋︾ ᠵᠡᠷᠭᠡ ᠳᠥᠷᠪᠡᠨ ᠲᠥᠷᠥᠯ ᠤᠨ ᠡᠮ ᠤᠨ ᠵᠦᠢᠯ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠪᠦᠷᠢᠳᠬᠡᠨ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃     ᠲᠠᠪᠤ᠂ ︽ᠨᠢᠭᠡ ᠲᠠᠯᠠᠪᠤᠷ ᠬᠤᠶᠠᠷ ᠥᠷᠲᠡᠭᠡ︾᠂ ᠵᠣᠴᠢᠳ ᠤᠨ ᠪᠠᠭᠤᠳᠠᠯ᠂ ᠡᠮᠴᠢᠯᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠬᠡᠲᠦ ᠳᠡᠯᠭᠡᠭᠦᠷ᠂ ᠦᠵᠡᠮᠵᠢ ᠶᠢᠨ ᠭᠠᠵᠠᠷ᠂ ᠺᠢᠨᠣ᠋ ᠵᠦᠴᠦᠭᠡ ᠶᠢᠨ ᠲᠢᠶᠠᠲᠷ᠂ ᠵᠣᠴᠢᠳ ᠤᠨ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠨᠣᠮᠧᠷ ᠢ ᠴᠢᠩᠭ᠎ᠠ ᠪᠠᠶᠢᠴᠠᠭᠠᠨ ᠰᠢᠯᠭᠠᠵᠤ᠂ ᠣᠷᠣᠬᠤ ᠡᠭᠦᠳᠡᠨ ᠳᠠᠬᠢ ᠪᠡᠶ᠎ᠡ ᠶᠢᠨ ᠳᠤᠯᠠᠭᠠᠨ ᠢ ᠬᠡᠮᠵᠢᠵᠦ᠂ ᠠᠮᠠᠪᠴᠢ ᠶᠢᠨ ᠵᠡᠭᠦᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ 1 ᠮᠧᠲᠷ ᠤᠨ ᠱᠤᠭᠤᠮ ᠤᠨ ᠠᠮᠤᠷ ᠲᠦᠪᠰᠢᠨ ᠤ ᠵᠠᠢ ᠶᠢ ᠪᠠᠲᠤᠯᠠᠬᠤ ᠵᠡᠷᠭᠡ ᠶᠢ ᠴᠢᠩᠭ᠎ᠠ ᠪᠠᠶᠢᠴᠠᠭᠠᠨ ᠰᠢᠯᠭᠠᠬᠤ ᠶᠢᠨ ᠬᠠᠮᠲᠤ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠪᠠᠶᠢᠩᠭᠤ ᠶᠢᠨ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠳᠤ ᠬᠦᠷᠦᠭᠰᠡᠨ ᠦᠭᠡᠢ KTV᠂ ᠺᠢᠨᠣ᠋ ᠵᠦᠴᠦᠭᠡ ᠶᠢᠨ ᠲᠢᠶᠠᠲᠷ᠂ ᠰᠣᠶᠣᠯ ᠪᠡᠶ᠎ᠡ ᠶᠢᠨ ᠲᠠᠮᠢᠷ ᠵᠡᠷᠭᠡ ᠤᠯᠠᠨ ᠨᠡᠶᠢᠲᠡ ᠶᠢᠨ ᠲᠠᠯᠠᠪᠤᠷ ᠢ ᠬᠠᠭᠠᠵᠤ ᠵᠣᠭᠰᠣᠭᠠᠨ ᠴᠡᠭᠴᠡᠯᠡᠨ ᠰᠠᠶᠢᠵᠢᠷᠠᠭᠤᠯᠪᠠ᠃     ᠵᠢᠷᠭᠤᠭ᠎ᠠ᠂ ᠡᠨᠡ ᠡᠳᠦᠷ ᠠᠴᠠ ᠡᠬᠢᠯᠡᠨ᠂ ᠪᠦᠭᠦ ᠬᠤᠰᠢᠭᠤᠨ ᠤ ᠪᠤᠢ ᠪᠦᠬᠦᠢ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠥᠮ ᠵᠣᠭᠰᠣᠭᠠᠵᠤ᠂  ᠬᠤᠷᠢᠮ ᠨᠠᠶᠢᠷ ᠢ ᠠᠯᠭᠤᠷᠯᠠᠵᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ᠂ ᠳᠠᠶᠢᠯᠠᠯᠭ᠎ᠠ ᠶᠢ ᠬᠢᠬᠦ ᠦᠭᠡᠢ᠃     ᠳᠣᠯᠤᠭ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠨᠠᠰᠤᠲᠠᠨ  ᠢ ᠠᠰᠠᠷᠠᠬᠤ ᠬᠦᠷᠢᠶᠡᠯᠡᠩ ᠵᠡᠷᠭᠡ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠬᠢᠨᠠᠨ ᠬᠠᠮᠢᠶᠠᠷᠬᠤ ᠲᠠᠯᠠᠪᠤᠷ ᠵᠡᠷᠭᠡ ᠭᠤᠣᠯᠳᠠᠯᠭ᠎ᠠ ᠲᠠᠢ ᠲᠠᠯᠠᠪᠤᠷ ᠤᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠰᠡᠷᠭᠡᠶᠢᠯᠡᠨ ᠡᠵᠡᠮᠳᠡᠬᠦ ᠵᠢᠭᠠᠯᠲᠠ ᠶᠢᠨ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃     ᠨᠠᠢᠮᠠ᠂ ᠣᠶᠢᠷ᠎ᠠ  ᠶᠢᠨ ᠬᠤᠭᠤᠴᠠᠭᠠᠨ ᠳᠤ ᠪᠠᠶᠠᠨᠨᠠᠭᠤᠷ ᠬᠤᠲᠠ  ᠶᠢᠨ ᠭᠠᠳᠠᠨ᠎ᠠ  ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠬᠤᠰᠢᠭᠤᠨ ᠤ ᠬᠥᠮᠥᠰ ᠪᠦᠬᠦᠨ ︽ᠤᠷᠠᠳ ᠤᠨ ᠡᠮᠦᠨᠡᠲᠦ ᠬᠤᠰᠢᠭᠤᠨ ᠤ ᠬᠥᠮᠥᠰ ᠤᠨ ᠳᠠᠩᠰᠠᠯᠠᠯᠲᠠ  ᠶᠢᠨ ᠬᠤᠶᠠᠷ ᠬᠡᠮᠵᠢᠯᠲᠦ ᠲᠡᠮᠳᠡᠭ︾  ᠢ ᠰᠠᠨᠠᠭᠠᠴᠢᠯᠠᠭ᠎ᠠ  ᠠᠴᠠ ᠪᠠᠨ ᠰᠢᠷᠪᠢᠵᠦ᠂ ᠬᠠᠮᠢᠶ᠎ᠠ ᠪᠦᠬᠦᠢ ᠮᠡᠳᠡᠭᠡ ᠵᠠᠩᠭᠢ  ᠶᠢ ᠲᠠᠭᠯᠠᠨ ᠮᠡᠳᠡᠭᠦᠯᠵᠦ ᠳᠠᠩᠰᠠᠯᠠᠭᠤᠯᠤᠨ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠣᠳᠠᠲᠠᠢ ᠴᠠᠭ ᠤᠨ ᠬᠥᠮᠥᠰ ᠤᠨ ᠬᠥᠳᠡᠯᠦᠯ ᠪᠠᠶᠢᠳᠠᠯ  ᠢ ᠴᠠᠭ ᠲᠤᠬᠠᠢ ᠳᠤᠨᠢ ᠡᠵᠡᠮᠰᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠳᠤ ᠲᠥᠬᠦᠮ ᠦᠵᠡᠭᠦᠯᠦᠨ᠎ᠡ᠃     ᠶᠢᠰᠦ᠂ 14 ᠡᠳᠦᠷ ᠤᠨ ᠳᠣᠲᠣᠷ᠎ᠠ ᠳᠤᠮᠳᠠ ᠲᠦᠭᠰᠢᠭᠦᠷᠢ ᠶᠡᠬᠡᠲᠡᠢ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠮᠠᠨ ᠤ ᠬᠤᠰᠢᠭᠤᠨ ᠤ ᠬᠥᠮᠥᠰ ︵ᠡᠷᠡᠭᠦᠯ ᠮᠡᠨᠳᠦ ᠶᠢᠨ ᠺᠣᠳ᠋ ᠪᠤᠶᠤ ᠠᠶᠠᠯᠠᠯ ᠤᠨ ᠺᠣᠳ᠋ ᠨᠢ ᠤᠯᠠᠭᠠᠨ ᠺᠣᠳ᠋᠂ ᠰᠢᠷ᠎ᠠ ᠺᠣᠳ᠋ ᠪᠤᠶᠤ ᠨᠣᠭᠤᠭᠠᠨ ᠺᠣᠳ᠋ ᠤᠨ ᠪᠦᠰᠡ︶ ᠬᠦᠷᠴᠦ ᠢᠷᠡᠬᠦ ᠠᠴᠠ ᠡᠮᠦᠨ᠎ᠡ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠪᠠ ᠨᠢᠭᠡᠴᠡ ᠳᠤ ᠮᠡᠳᠡᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠥᠰ ᠲᠠᠢ ᠢᠳᠡᠪᠬᠢᠲᠡᠢ ᠬᠠᠮᠵᠢᠯᠴᠠᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃     ᠠᠷᠪᠠ᠂ ᠥᠷᠭᠡᠨ ᠤᠯᠠᠨ ᠰᠠᠭᠤᠭᠠᠯᠢ ᠠᠷᠠᠳ ᠤᠨ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠪᠠ ᠲᠤᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠳᠤ ᠣᠴᠢᠬᠤ ᠴᠢᠬᠤᠯᠠ ᠦᠭᠡᠢ ᠪᠠᠶᠢᠬᠤ ᠶᠢ ᠰᠠᠨᠠᠭᠤᠯᠤᠶ᠎ᠠ᠃ ᠬᠥᠬᠡᠬᠤᠲᠠ᠂ ᠮᠠᠨᠵᠤᠤᠷ ᠬᠤᠲᠠ ᠳᠤ ᠰᠠᠭᠠᠲᠠᠭᠰᠠᠨ ᠤᠷᠠᠳ ᠤᠨ ᠡᠮᠦᠨᠡᠲᠦ ᠬᠤᠰᠢᠭᠤᠨ ᠤ ᠰᠠᠭᠤᠭᠠᠯᠢ ᠠᠷᠠᠳ ᠲᠤᠬᠠᠢ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠵᠢᠷᠤᠮᠯᠠᠨ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃    ᠠᠷᠪᠠᠨ ᠨᠢᠭᠡ᠂ ᠥᠷᠭᠡᠨ ᠣᠯᠠᠨ ᠰᠠᠭᠤᠭᠠᠯᠢ ᠠᠷᠠᠳ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠴᠤᠭᠯᠠᠷᠠᠬᠤ ᠦᠭᠡᠢ ᠵᠡᠷᠭᠡ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠬᠢᠯᠪᠠᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠥᠪᠡᠷᠲᠡᠭᠡᠨ ᠡᠮ ᠤᠤᠭᠤᠵᠤ ᠪᠣᠯᠬᠤ ᠦᠭᠡᠢ᠂ ᠠᠮᠠᠪᠴᠢ ᠵᠡᠭᠦᠵᠦ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠳᠤ ᠲᠦᠷᠭᠡᠨ ᠣᠴᠢᠵᠤ ᠡᠮᠨᠡᠭᠦᠯᠬᠦ ᠪᠤᠶᠤ ᠵᠢᠭᠰᠠᠭᠠᠨ ᠪᠠᠶᠢᠴᠠᠭᠠᠵᠤ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠵᠤᠭᠠᠴᠠᠨ ᠰᠠᠭᠤᠭᠰᠠᠨ ᠲᠡᠦᠬᠡ᠂ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠢ᠃ ᠬᠠᠯᠠᠭᠤᠷᠠᠵᠤ ᠪᠠᠶᠢᠭ᠎ᠠ ᠡᠪᠡᠳᠴᠢᠲᠡᠨ ᠪᠦᠬᠦᠨ  ᠪᠦᠭᠡᠮ ᠬᠦᠴᠢᠯ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠭᠠᠷᠭᠠᠬᠤ ᠠᠴᠠ ᠡᠮᠦᠨ᠎ᠡ ᠴᠥᠮ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃    ᠠᠷᠪᠠᠨ ᠬᠤᠶᠠᠷ᠂ ᠥᠷᠭᠡᠨ ᠤᠯᠠᠨ ᠰᠠᠭᠤᠭᠠᠯᠢ ᠠᠷᠠᠳ ᠬᠢᠯᠢ ᠶᠢᠨ ᠭᠠᠳᠠᠨᠠᠬᠢ ᠡᠳ᠋ ᠪᠣᠳᠠᠰ ᠤᠨ ᠢᠳᠡᠭᠡᠨ ᠢ ᠪᠣᠯᠭᠤᠮᠵᠢᠲᠠᠢ ᠪᠠᠷ ᠬᠤᠳᠠᠯᠳᠤᠨ ᠠᠪᠬᠤ ᠶᠢ ᠬᠦᠰᠡᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠡᠳ᠋ ᠪᠣᠳᠠᠰ᠂ ᠬᠢᠯᠢ ᠶᠢᠨ ᠭᠠᠳᠠᠨᠠᠬᠢ ᠰᠢᠤᠳᠠᠨ ᠤ ᠵᠦᠢᠯ ᠲᠠᠢ ᠣᠶᠢᠷᠠᠳᠬᠤ ᠦᠶ᠎ᠡ ᠳᠤ ᠬᠤᠪᠢ ᠬᠥᠮᠥᠨ ᠤ ᠬᠠᠮᠠᠭᠠᠯᠠᠯᠲᠠ ᠪᠠ ᠭᠠᠳᠠᠷ ᠪᠣᠭᠤᠳᠠᠯ ᠤᠨ ᠠᠷᠢᠭᠤᠳᠬᠠᠯ ᠢ ᠰᠠᠶᠢᠲᠤᠷ ᠬᠢᠵᠦ᠂ ᠬᠦᠷᠦᠯᠴᠡᠭᠰᠡᠨ ᠤ ᠲᠠᠷᠠᠭ᠎ᠠ ᠳᠠᠷᠤᠶᠢᠬᠠᠨ ᠭᠠᠷ ᠢᠶᠠᠷ ᠢᠶᠠᠨ ᠠᠷᠢᠭᠤᠳᠬᠠᠬᠤ ᠬᠡᠷᠡᠭᠲᠡᠢ᠃ ᠠᠮᠠᠪᠴᠢ᠂ ᠪᠡᠭᠡᠯᠡᠢ ᠵᠡᠷᠭᠡ ᠨᠢᠭᠡ ᠯᠡ ᠤᠳᠠᠭ᠎ᠠ ᠶᠢᠨ ᠴᠢᠨᠠᠷᠲᠠᠢ ᠬᠠᠮᠠᠭᠠᠯᠠᠯᠲᠠ ᠶᠢᠨ ᠬᠡᠷᠡᠭᠰᠡᠯ ᠢ ᠴᠠᠭ ᠲᠤᠬᠠᠢ ᠳᠤᠨᠢ ᠰᠣᠯᠢᠵᠤ᠂ ᠳᠠᠬᠢᠨ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠢ᠃    ᠠᠷᠪᠠᠨ ᠭᠤᠷᠪᠠ᠂ ᠨᠥᠬᠦᠴᠡᠯ ᠳᠤ ᠨᠡᠶᠢᠴᠡᠬᠦ ᠪᠣᠯᠪᠠᠴᠤ ᠰᠢᠨ᠎ᠡ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠳᠤ ᠬᠢᠵᠦ ᠳᠠᠭᠤᠰᠬᠠᠭᠠᠳᠤᠢ ᠰᠠᠭᠤᠭᠠᠯᠢ ᠠᠷᠠᠳ ᠲᠤ ᠸᠠᠺᠼᠢᠨ ᠤ ᠲᠠᠷᠢᠯᠭ᠎ᠠ ᠶᠢ ᠲᠦᠷᠭᠡᠬᠡᠨ ᠪᠡᠶᠡᠯᠡᠭᠦᠯᠵᠦ᠂ ᠰᠢᠨ᠎ᠡ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠳᠤ ᠬᠢᠵᠦ ᠳᠠᠭᠤᠰᠬᠠᠭᠠᠳ ᠪᠦᠬᠦᠯᠢ 6 ᠰᠠᠷ᠎ᠠ ᠪᠣᠯᠤᠭᠰᠠᠨ ᠰᠠᠭᠤᠭᠠᠯᠢ ᠠᠷᠠᠳ ᠲᠤ ︽ᠴᠢᠩᠭᠠᠳᠬᠠᠬᠤ ᠲᠠᠷᠢᠯᠭ᠎ᠠ︾ ᠶᠢ ᠲᠦᠷᠭᠡᠬᠡᠨ ᠳᠠᠷᠢᠵᠤ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠢ᠃    ᠠᠷᠪᠠᠨ ᠳᠥᠷᠪᠡ᠂ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯᠲᠡ᠂ ᠭᠤᠣᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠵᠤ᠂ ᠡᠷᠡᠭᠦᠯ ᠪᠥᠭᠡᠳ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠬᠡᠷᠡᠭ ᠦᠭᠡᠢ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ ᠬᠡᠷᠡᠭᠲᠡᠢ᠃    ᠠᠷᠪᠠᠨ ᠲᠠᠪᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠬᠥᠬᠡᠬᠤᠲᠠ᠂ ᠮᠠᠨᠵᠤᠤᠷ ᠬᠤᠲᠠ  ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠬᠤᠰᠢᠭᠤᠨ ᠤ ᠬᠥᠮᠥᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠄ 0478 ︱ 3260775ᠬᠤᠰᠢᠭᠤᠨ ᠤ ᠬᠢᠵᠢᠭ ᠤᠨ ᠪᠠᠶᠢᠳᠠᠯ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠬᠠᠮᠲᠤᠷᠠᠭᠰᠠᠨ ᠠᠯᠪᠠᠨ ᠭᠡᠷ᠄ 0478 ︱ 3265110ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠠᠰᠠᠭᠤᠨ ᠯᠠᠪᠯᠠᠬᠤ ᠤᠲᠠᠰᠤ᠄ 0478 ︱ 3211859ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠰᠠᠭᠤᠨ ᠯᠠᠪᠯᠠᠬᠤ ᠤᠲᠠᠰᠤ᠄ 13847841098ᠮᠤᠨᠠ ᠠᠭᠤᠯᠠ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13847842083ᠰᠢᠶᠠᠨ ᠹᠧᠩ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13947847111ᠪᠠᠶᠠᠨᠬᠤᠸᠠ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 15044878930ᠡᠷᠳᠡᠨᠢᠪᠤᠯᠠᠭ ᠰᠤᠮᠤ ᠶᠢᠨ ᠠᠰᠠᠭᠤᠨ ᠯᠠᠪᠯᠠᠬᠤ ᠤᠲᠠᠰᠤ᠄ 13947824297ᠰᠢᠨ ᠠᠨ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 15044848084ᠰᠢ ᠰᠢᠶᠣᠣ ᠵᠣᠣ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 15694782579ᠮᠢᠩ ᠠᠨ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13947832689ᠶᠡᠭᠡ ᠰᠢᠭᠡᠲᠡᠢ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13947852258᠂ 15374887931ᠪᠠᠭ᠎ᠠ ᠰᠢᠭᠡᠲᠡᠢ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13789689556ᠰᠤᠳᠠᠯ ᠤᠨ ᠬᠤᠳᠳᠤᠭ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13848581454ᠰᠠᠭᠠᠳᠠᠭ ᠰᠤᠮᠤ ᠶᠢᠨ ᠠᠰᠠᠭᠤᠨ ᠯᠠᠪᠯᠠᠬᠤ ᠤᠲᠠᠰᠤ᠄ 13948941653ᠰᠢᠨ ᠠᠨ ᠲᠠᠷᠢᠶᠠᠯᠠᠩ ᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 13789680332ᠵᠥᠩ ᠲᠠᠨ ᠲᠠᠷᠢᠶᠠᠯᠠᠩ ᠤᠨ ᠲᠠᠯᠠᠪᠠᠶ ᠶᠢᠨ ᠠᠰᠠᠭᠤᠨ ᠯᠠᠪᠯᠠᠬᠤ ᠤᠲᠠᠰᠤ᠄ 18647829237ᠰᠤᠳᠠᠯ ᠤᠨ ᠬᠤᠳᠳᠤᠭ ᠲᠠᠷᠢᠶᠠᠯᠠᠩ ᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 15849856668ᠰᠢ ᠱᠠᠨ ᠽᠦᠢ ᠲᠠᠷᠢᠶᠠᠯᠠᠩ ᠤᠨ ᠲᠠᠯᠠᠪᠠᠶ ᠶᠢᠨ ᠠᠰᠠᠭᠤᠨ ᠯᠠᠪᠯᠠᠬᠤ ᠤᠲᠠᠰᠤ᠄ 13847883597ᠶᠡᠭᠡ ᠰᠢᠭᠡᠲᠡᠢ ᠮᠠᠯᠵᠢᠯ ᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 13847852600ᠤᠯᠠᠭᠠᠨᠰᠤᠬᠠᠢ ᠵᠢᠭᠠᠰᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 15148828036ᠷᠦᠢ ᠲᠠᠢ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 15148861868ᠯᠢᠨ ᠬᠠᠢ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13947836575ᠳ᠋ᠦᠩ ᠹᠧᠩ ᠨᠢᠭᠡᠳᠦᠭᠡᠷ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 15804782521ᠳ᠋ᠦᠩ ᠹᠧᠩ ᠬᠤᠶᠠᠳᠤᠭᠠᠷ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13484787323ᠳ᠋ᠦᠩ ᠹᠧᠩ  ᠭᠤᠷᠪᠠᠳᠤᠭᠠᠷ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13947384669ᠳ᠋ᠦᠩ ᠰᠢᠩ  ᠨᠢᠭᠡᠳᠦᠭᠡᠷ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 15147854566ᠳ᠋ᠦᠩ ᠰᠢᠩ  ᠬᠤᠶᠠᠳᠤᠭᠠᠷ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13654787751ᠳ᠋ᠦᠩ ᠰᠢᠩ  ᠭᠤᠷᠪᠠᠳᠤᠭᠠᠷ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13948982221ᠦᠨᠳᠦᠰᠦᠲᠡᠨ ᠤ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13190862170ᠰᠢᠨ ᠮᠢᠨ ᠡᠮᠦᠨ᠎ᠡ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13948390157ᠰᠢᠨ ᠮᠢᠨ ᠬᠤᠶᠢᠨ᠎ᠠ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13848842828ᠬᠦᠭᠦᠷᠭᠡ ᠶᠢᠨ ᠡᠮᠦᠨᠡᠬᠢ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 18547848818ᠰᠢᠩ ᠰᠢᠩ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13948182606ᠮᠤᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠦᠷᠢ ᠮᠤᠨᠠ ᠠᠭᠤᠯᠠ ᠶᠢᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 18247849999ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 18247880182ᠳᠤᠮᠳᠠ ᠵᠢᠵᠢᠭ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠠᠰᠠᠭᠤᠨ ᠯᠠᠪᠯᠠᠬᠤ ᠤᠲᠠᠰᠤ᠄ 13848782899                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                          ᠤᠷᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ ︵2022︶ 9  ᠳ᠋ᠦ᠋ᠭᠡᠷ ᠨᠣᠮᠧᠷ︽ᠤᠷᠠᠳ ᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠠᠯ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄     ᠡᠳᠦᠭᠡ ︽ᠤᠷᠠᠳ ᠤᠨ ᠡᠮᠦᠨᠡᠲᠦ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠲᠤᠭᠠᠢ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ     2022 ᠣᠨ ᠤ 2 ᠰᠠᠷ᠎ᠠ ᠶᠢᠨ 18 ᠤ ᠡᠳᠦᠷ ᠤᠨ ᠣᠶᠢᠷ᠎ᠠ ᠳᠤ᠂ ᠮᠠᠨᠵᠤᠤᠷ ᠬᠤᠲᠠ᠂ ᠬᠥᠬᠡᠬᠤᠲᠠ᠂ ᠪᠤᠭᠤᠲᠤ ᠬᠤᠲᠠ ᠳᠤ ᠠᠭᠤᠰᠬᠢᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠡᠢ᠃ ᠣᠳᠣᠬᠠᠨ ᠤ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠬᠤ ᠶᠢ ᠦᠨᠳᠦᠰᠦᠯᠡᠨ᠂ ︽ᠭᠠᠳᠠᠨ᠎ᠠ ᠠᠴᠠ ᠣᠷᠤᠬᠤ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠭᠡᠷ ᠳᠣᠲᠣᠷᠠᠬᠢ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ  ᠪᠠᠷ ᠴᠢᠩᠭᠠᠳᠬᠠᠵᠤ᠂ ᠲᠣᠰ ᠡᠳᠦᠷ ᠠᠴᠠ ᠡᠬᠢᠯᠡᠨ᠂ ᠬᠤᠰᠢᠭᠤᠨ ᠳᠣᠲᠣᠷᠠᠬᠢ ᠺᠢᠨᠣ᠋ ᠲᠢᠶᠠᠲᠷ᠂ ᠰᠦᠯᠵᠢᠶᠡᠨ ᠤ ᠪᠠᠭᠠᠷ᠂ ᠰᠢᠲᠠᠷ᠎ᠠ ᠶᠢᠨ ᠥᠷᠥᠭᠡ᠂ KTV᠂ ᠲᠣᠭᠯᠠᠭᠠᠮ ᠤᠨ ᠲᠢᠩᠬᠢᠮ ︵ᠥᠷᠥᠭᠡ︶᠂ ᠳᠠᠭᠤᠤ ᠪᠥᠵᠢᠭ ᠤᠨ ᠲᠢᠩᠬᠢᠮ᠂ ᠤᠬᠢᠶᠠᠯᠭ᠎ᠠ ᠶᠢᠨ ᠭᠠᠵᠠᠷ᠂ ᠪᠡᠶ᠎ᠡ ᠴᠢᠭᠢᠷᠠᠭᠵᠢᠭᠤᠯᠬᠤ ᠭᠠᠵᠠᠷ᠂ ᠬᠥᠯ ᠵᠠᠰᠠᠯ ᠤᠨ ᠭᠠᠵᠠᠷ᠂ ᠤᠮᠪᠠᠯᠲᠠ ᠶᠢᠨ ᠣᠷᠳᠣᠨ ᠵᠡᠷᠭᠡ ᠭᠡᠷ ᠳᠣᠲᠣᠷᠠᠬᠢ ᠵᠤᠭ᠎ᠠ ᠴᠡᠩᠭᠡᠯ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠢ ᠲᠦᠷ ᠬᠠᠭᠠᠵᠤ᠂ ᠶᠠᠮᠠᠷᠪᠠ ᠬᠡᠯᠪᠡᠷᠢ ᠶᠢᠨ ᠴᠤᠭᠯᠠᠷᠠᠯ ᠤᠨ ᠴᠢᠨᠠᠷᠲᠠᠢ ᠵᠤᠭ᠎ᠠ ᠴᠡᠩᠭᠡᠯ ᠤᠨ ᠠᠵᠢᠯᠯᠠᠭ᠎ᠠ ᠡᠷᠭᠢᠯᠡᠬᠦ ᠶᠢ ᠵᠣᠭᠰᠣᠭᠠᠵᠤ᠂ ᠡᠯ᠎ᠡ ᠲᠦᠷ ᠬᠠᠭᠠᠬᠤ ᠲᠠᠯᠠᠪᠤᠷ ᠨᠢ ᠰᠠᠨᠠᠭᠠᠴᠢᠯᠠᠭ᠎ᠠ  ᠠᠴᠠ ᠪᠠᠨ ᠡᠭᠦᠳᠡᠨ ᠳᠡᠭᠡᠷ᠎ᠡ ᠡᠵᠡᠩᠨᠡᠯᠲᠡ ᠪᠠᠨ ᠲᠦᠷ ᠵᠣᠭᠰᠣᠭᠠᠭᠰᠠᠨ ᠲᠡᠮᠳᠡᠭ ᠢ ᠨᠠᠭᠠᠬᠤ ᠬᠡᠷᠡᠭᠲᠡᠢ᠃     ᠬᠤᠶᠠᠷ᠂ ᠲᠣᠰ ᠡᠳᠦᠷ ᠠᠴᠠ ᠡᠬᠢᠯᠡᠨ᠂ ᠬᠤᠰᠢᠭᠤᠨ ᠳᠣᠲᠣᠷᠠᠬᠢ ᠡᠯ᠎ᠡ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠦᠷ ᠴᠠᠭ ᠬᠠᠭᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠪᠢ ᠪᠠᠷ ᠢᠶᠠᠨ ᠡᠵᠡᠩᠨᠡᠬᠦ ᠵᠡᠷᠭᠡ ᠪᠠᠶᠢᠳᠠᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠢ᠃     ᠭᠤᠷᠪᠠ᠂  ᠨᠠᠶᠢᠷ ᠬᠤᠷᠢᠮ ᠢ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠶᠢ ᠥᠯᠥ ᠡᠷᠭᠢᠯᠡᠬᠦ ᠵᠠᠷᠴᠢᠮ ᠶᠣᠰᠣᠭᠠᠷ᠂ ᠡᠯ᠎ᠡ ᠲᠥᠷᠥᠯ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠪᠦᠯᠦᠭᠯᠡᠯ ᠤᠨ ᠴᠢᠨᠠᠷᠲᠠᠢ ᠬᠠᠮᠲᠤ ᠶᠢᠨ ᠬᠤᠭᠤᠯᠠ ᠶᠢ ᠭᠥᠯᠢᠶᠡᠨ ᠠᠪᠴᠤ ᠪᠣᠯᠬᠤ ᠦᠭᠡᠢ᠂ ᠰᠣᠯᠪᠢᠴᠠᠨ ᠬᠠᠯᠳᠠᠪᠤᠷᠢᠯᠠᠬᠤ ᠪᠠ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠪᠠᠶᠢᠩᠭᠤ ᠶᠢᠨ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ︔ᠭᠡᠷ ᠪᠦᠯᠢ ᠶᠢᠨ ᠬᠤᠪᠢ ᠬᠥᠮᠥᠨ ᠤ ᠴᠤᠭᠯᠠᠭᠠᠨ ᠪᠠ ᠬᠠᠮᠲᠤ ᠶᠢᠨ ᠬᠤᠭᠤᠯᠠ ᠵᠡᠷᠭᠡ ᠶᠢ 10 ᠬᠥᠮᠥᠨ ᠤ ᠳᠣᠲᠣᠷ᠎ᠠ ᠬᠢᠵᠠᠭᠠᠷᠯᠠᠵᠤ᠂ ᠵᠠᠪᠰᠠᠷᠯᠠᠪᠠᠯ ᠰᠠᠭᠤᠵᠤ᠂ ᠠᠮᠤᠷ ᠲᠦᠪᠰᠢᠨ ᠤ ᠵᠠᠢ ᠶᠢ ᠪᠠᠲᠤᠯᠠᠬᠤ ᠬᠡᠷᠡᠭᠲᠡᠢ᠃     ᠳᠥᠷᠪᠡ᠂ ᠡᠯ᠎ᠡ ᠲᠥᠷᠥᠯ ᠤᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠣᠮᠣ ᠳᠤᠮᠳᠠ ᠵᠢᠵᠢᠭ ᠬᠡᠯᠪᠡᠷᠢ ᠶᠢᠨ ᠢᠳᠡᠭᠡᠨ ᠤᠮᠳᠠᠭᠠᠨ ᠤ ᠪᠠᠭᠤᠳᠠᠯ ᠵᠡᠷᠭᠡ ᠡᠵᠡᠩᠨᠡᠯᠲᠡ ᠶᠢᠨ ᠭᠤᠣᠯ ᠴᠣᠭᠴᠠ ᠨᠢ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ᠂ ᠣᠷᠣᠬᠤ ᠡᠭᠦᠳᠡ ᠶᠢᠨ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠶᠢᠨ ᠵᠡᠭᠦᠵᠦ ᠪᠠᠶᠢᠭ᠎ᠠ ᠪᠠᠶᠢᠳᠠᠯ ᠢ ᠪᠠᠶᠢᠴᠠᠭᠠᠬᠤ᠂ 1 ᠮᠧᠲᠷ ᠤᠨ ᠱᠤᠭᠤᠮ ᠤᠨ ᠠᠮᠤᠷ ᠲᠦᠪᠰᠢᠨ ᠤ ᠵᠠᠢ ᠶᠢ ᠪᠠᠲᠤᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠤ ᠤᠷᠤᠰᠴᠠ ᠶᠢ ᠴᠢᠩᠭ᠎ᠠ ᠬᠢᠵᠠᠭᠠᠷᠯᠠᠨ᠂ ᠬᠥᠮᠥᠨ ᠬᠠᠷ᠎ᠠ ᠴᠤᠭᠯᠠᠷᠠᠬᠤ  ᠠᠴᠠ ᠵᠠᠶᠢᠯᠠᠰᠬᠢᠬᠦ ᠶᠢᠨ ᠬᠠᠮᠲᠤ ᠣᠷᠴᠢᠨ ᠲᠣᠭᠤᠷᠢᠨ ᠢ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠠᠵᠢᠯ ᠢ ᠪᠠᠶᠢᠩᠭᠤ ᠶᠢᠨ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ᠃     ᠲᠠᠪᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠨᠢ ᠬᠠᠯᠠᠭᠤᠷᠠᠬᠤ᠂ ᠬᠠᠨᠢᠶᠠᠬᠤ ᠵᠢᠴᠢ ᠤᠯᠠᠭᠠᠨ ᠺᠣᠳ᠋᠂ ᠰᠢᠷ᠎ᠠ ᠺᠣᠳ᠋ ᠪᠠ ᠨᠣᠭᠤᠭᠠᠨ ᠺᠣᠳ᠋ ᠤᠨ ᠪᠦᠰᠡ ** ᠨᠣᠮᠧᠷᠲᠤ ᠬᠥᠮᠥᠰ ᠤᠨ ᠳᠡᠯᠭᠡᠭᠦᠷ ᠲᠤ ᠣᠷᠣᠬᠤ ᠶᠢ ᠴᠢᠩᠭ᠎ᠠ ᠴᠠᠭᠠᠵᠠᠯᠠᠵᠤ᠂ ᠳᠡᠭᠡᠷᠡᠬᠢ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠢ ᠳᠤᠨᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠪᠠᠶᠢᠭ᠎ᠠ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠳᠤ ᠮᠡᠳᠡᠭᠦᠯᠬᠦ ᠬᠡᠷᠡᠭᠲᠡᠢ᠃     ᠵᠢᠷᠭᠤᠭ᠎ᠠ᠂ ᠪᠦᠭᠦ ᠬᠤᠰᠢᠭᠤᠨ ᠤ ᠬᠤᠪᠢ ᠶᠢᠨ ᠡᠭᠦᠳᠡᠨ ᠡᠮᠨᠡᠯᠭᠡ ᠪᠠ ᠬᠠᠯᠠᠭᠤᠷᠠᠯ ᠤᠨ ᠡᠭᠦᠳᠡᠨ ᠡᠮᠨᠡᠯᠭᠡ ᠲᠣᠬᠢᠷᠠᠭᠤᠯᠤᠭᠰᠠᠨ ᠦᠭᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠠᠯᠠᠭᠤᠷᠠᠯ ᠤᠨ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ ᠪᠣᠯᠬᠤ ᠦᠭᠡᠢ᠃ ᠪᠥᠬᠦ ᠬᠤᠰᠢᠭᠤᠨ ᠤ ᠡᠯ᠎ᠡ ᠲᠥᠷᠥᠯ ᠤᠨ ᠡᠮ ᠤᠨ ᠳᠡᠯᠭᠡᠭᠦᠷ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ᠡᠳ᠋︾ ᠵᠡᠷᠭᠡ ᠳᠥᠷᠪᠡᠨ ᠲᠥᠷᠥᠯ ᠤᠨ ᠡᠮ ᠤᠨ ᠵᠦᠢᠯ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠪᠦᠷᠢᠳᠬᠡᠨ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃     ᠳᠣᠯᠤᠭ᠎ᠠ᠂ ᠲᠣᠰ ᠵᠠᠷᠯᠠᠯ ᠤᠨ ᠲᠦᠷ ᠴᠠᠭ ᠬᠠᠭᠠᠵᠤ ᠵᠣᠭᠰᠤᠭᠠᠬᠤ ᠲᠠᠯᠠᠪᠤᠷ ᠤᠨ ᠪᠠᠶᠢᠭᠤᠯᠤᠮᠵᠢ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠡᠵᠡᠩᠨᠡᠯᠲᠡ ᠪᠠᠨ ᠰᠡᠷᠭᠦᠭᠡᠬᠦ ᠵᠠᠷᠯᠠᠯ ᠢ ᠴᠠᠭ ᠲᠤᠬᠠᠢ ᠳᠤᠨᠢ ᠨᠡᠶᠢᠲᠡᠯᠡᠨ᠎ᠡ᠃  ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0478 ︱ 3211859ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478 ︱ 2216466ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠄ 0478 ︱ 3260775                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                        2022 ᠣᠨ ᠤ 2 ᠰᠠᠷ᠎ᠠ ᠶᠢᠨ 18                                                      ᠤᠷᠠᠳ ᠰᠢᠨ᠎ᠡ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ〔2022〕15 ᠳ᠋ᠤᠭᠠᠷ ᠲᠣᠭᠠᠲᠤ︽ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄     ︽ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠲᠤᠭᠠᠢ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                     2022 ᠣᠨ ᠤ 2 ᠰᠠᠷ᠎ᠠ ᠶᠢᠨ 21     ᠣᠳᠣᠬᠠᠨ ᠳᠤ᠂ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠭᠢᠨ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠪᠠ ᠠᠵᠤ ᠠᠬᠤᠢ ᠨᠡᠶᠢᠭᠡᠮ ᠤᠨ ᠲᠣᠭᠲᠠᠭᠤᠨ ᠡᠮᠬᠢ ᠵᠢᠷᠤᠮ ᠲᠠᠢ ᠠᠵᠢᠯᠯᠠᠭᠠᠨ ᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄     ᠨᠢᠭᠡ᠂ ᠤᠷᠠᠳ ᠤᠨ ᠡᠮᠦᠨᠡᠲᠦ ᠬᠤᠰᠢᠭᠤᠨ ᠤ ᠬᠢᠯᠢ ᠳᠣᠲᠣᠷᠠᠬᠢ ᠡᠯ᠎ᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ᠂ ᠠᠮᠢᠳᠤᠷᠠᠯ ᠤᠨ ᠡᠳ᠋ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠬᠤᠲᠠ᠂ ᠬᠤᠰᠢᠭᠤᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠮᠬᠢ ᠵᠢᠷᠤᠮ ᠲᠠᠢ ᠪᠠᠷ ᠰᠢᠯᠵᠢᠭᠦᠯᠬᠦ ᠬᠡᠷᠡᠭᠲᠡᠢ᠃     ᠬᠤᠶᠠᠷ᠂ ︽ᠬᠡᠨ ᠲᠡᠷᠭᠡ ᠬᠡᠷᠡᠭᠯᠡᠪᠡᠯ᠂ ᠲᠡᠷᠡ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠠᠵᠤ ᠠᠬᠤᠶᠢᠯᠠᠯ ᠨᠢ ᠲᠤᠰ ᠺᠣᠮᠫᠠᠨᠢ ᠲᠤ ᠬᠠᠷᠢᠶᠠᠯᠠᠭᠳᠠᠭᠰᠠᠨ᠂ ᠬᠤᠯᠪᠣᠭᠳᠠᠬᠤ ᠪᠠᠷᠠᠭ᠎ᠠ ᠶᠢᠨ ᠲᠡᠭᠡᠭᠡᠪᠦᠷᠢ  ᠶᠢᠨ ᠲᠡᠷᠭᠡ ᠬᠥᠰᠬᠡ ᠶᠢᠨ ᠰᠢᠯᠵᠢᠯᠲᠡ ᠲᠤ ᠭᠤᠣᠯ ᠴᠣᠭᠴᠠ ᠶᠢᠨ ᠬᠠᠷᠢᠭᠤᠴᠠᠯᠭ᠎ᠠ  ᠶᠢ ᠡᠭᠦᠷᠭᠡᠯᠡᠨ᠎ᠡ᠃ ᠠᠵᠤ ᠠᠬᠤᠶᠢᠯᠠᠯ ᠨᠢ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ︽ᠲᠠᠪᠤ ᠶᠢ ᠪᠠᠶᠢᠴᠠᠭᠠᠨ ᠰᠢᠯᠭᠠᠬᠤ︾ ︵ᠪᠡᠶ᠎ᠡ ᠶᠢᠨ ᠳᠤᠯᠠᠭᠠᠨ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ᠂ ᠸᠠᠺᠼᠢᠨ ᠤ ᠲᠠᠷᠢᠯᠭ᠎ᠠ ᠶᠢᠨ ᠪᠠᠶᠢᠳᠠᠯ︶ ᠪᠠ ︽ᠭᠤᠷᠪᠠᠨ ᠲᠡᠦᠬᠡ︾ ︵ᠵᠢᠭᠤᠯᠴᠢᠯᠠᠵᠤ ᠰᠠᠭᠤᠭᠰᠠᠨ ᠲᠡᠦᠬᠡ᠂ ᠡᠷᠡᠭᠦᠯ ᠮᠡᠨᠳᠦ ᠶᠢᠨ ᠲᠡᠦᠬᠡ᠂ ᠣᠶᠢᠷᠠᠲᠤᠭᠰᠠᠨ ᠲᠡᠦᠬᠡ︶ ᠵᠡᠷᠭᠡ ᠮᠡᠳᠡᠭᠡ ᠵᠠᠩᠭᠢ ᠶᠢ ᠳᠠᠩᠰᠠᠯᠠᠬᠤ ᠶᠢ ᠬᠠᠷᠢᠭᠤᠴᠠᠨ᠎ᠠ᠃     ᠭᠤᠷᠪᠠ᠂ ᠠᠵᠤ ᠠᠬᠤᠶᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ᠂ ᠠᠵᠤ ᠠᠬᠤᠶᠢᠯᠠᠯ ᠬᠢᠭᠡᠳ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠯᠤᠭ᠎ᠠ ᠲᠣᠰ ᠲᠣᠰ ᠠᠮᠠᠯᠠᠯᠲᠠ ᠶᠢᠨ ᠪᠢᠴᠢᠭ ᠲᠣᠭᠲᠠᠵᠤ᠂ ︽ᠬᠤᠣᠰ ᠠᠮᠠᠯᠠᠯᠲᠠ ᠶᠢᠨ ᠳᠦᠷᠢᠮ︾ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠲᠡᠷᠭᠡ ᠬᠡᠷᠡᠭᠯᠡᠬᠦ ᠠᠵᠤ ᠠᠬᠤᠶᠢᠯᠠᠯ ᠤᠳ ᠲᠡᠭᠡᠭᠡᠪᠦᠷᠢᠯᠡᠬᠦ ᠪᠠᠷᠠᠭ᠎ᠠ ᠶᠢᠨ ᠲᠦᠷᠦᠯ ᠵᠦᠢᠯ᠂ ᠵᠢᠯᠣᠭᠤᠴᠢ  ᠶᠢᠨ ᠮᠡᠳᠡᠭᠡ ᠵᠠᠩᠭᠢ᠂ ᠲᠡᠭᠡᠭᠡᠪᠦᠷᠢ ᠶᠢᠨ ᠵᠠᠮ ᠱᠤᠭᠤᠮ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ  ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠠᠳᠠᠭ ᠲᠠᠭᠠᠨ ᠳᠦᠷᠪᠡᠨ ᠴᠠᠭ  ᠤᠨ ᠡᠮᠦᠨ᠎ᠡ ᠮᠡᠳᠡᠭᠦᠯᠦᠨ ᠳᠠᠩᠰᠠᠯᠠᠭᠤᠯᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠤᠳ ᠵᠠᠮ ᠬᠠᠷᠢᠯᠴᠠᠭᠠᠨ  ᠤ ᠦᠢᠯᠡᠴᠢᠯᠡᠭᠡᠨ ᠤ  ᠴᠡᠭ ᠲᠤ ᠤᠷᠢᠳᠴᠢᠯᠠᠨ ᠨᠢᠭᠡᠳᠦᠯᠲᠡᠢ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃     ᠳᠥᠷᠪᠡ᠂ ᠠᠵᠤ ᠠᠬᠤᠶᠢᠯᠠᠯ ᠤᠳ ︽ᠵᠠᠮ ᠲᠡᠭᠡᠭᠡᠪᠦᠷᠢ ᠶᠢᠨ ᠲᠡᠷᠭᠡ ᠬᠥᠰᠬᠡ᠂ ᠠᠵᠢᠯᠯᠠᠵᠤ ᠪᠠᠶᠢᠭ᠎ᠠ ᠬᠥᠮᠥᠰ ᠵᠢᠴᠢ ᠥᠷᠲᠡᠭᠡ ᠲᠠᠯᠠᠪᠤᠷ ᠤᠨ ᠰᠢᠨ᠎ᠡ  ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠦᠭᠯᠡᠭᠦᠷ ︵ᠬᠤᠶᠠᠳᠤᠭᠠᠷ ᠬᠡᠪᠯᠡᠯ︶︾ ᠤᠨ ᠱᠠᠭᠠᠷᠳᠠᠯᠭ᠎ᠠ ᠶᠢᠨ ᠤᠳᠠᠭ᠎ᠠ ᠂ ᠪᠠᠷᠢᠮᠵᠢᠶ᠎ᠠ ᠶᠣᠰᠣᠭᠠᠷ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠢᠴᠢ ᠠᠵᠢᠯᠲᠠᠨ᠂ ᠠᠵᠢᠯᠯᠠᠵᠤ ᠪᠠᠶᠢᠭ᠎ᠠ ᠬᠥᠮᠥᠰ᠂ ᠶᠠᠪᠤᠯᠴᠠᠵᠤ ᠪᠠᠶᠢᠭ᠎ᠠ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠮᠡᠳᠡᠭᠡ ᠵᠠᠩᠭᠢ ᠶᠢᠨ ᠳᠠᠩᠰᠠᠯᠠᠯᠲᠠ ᠶᠢ ᠰᠠᠶᠢᠲᠤᠷ ᠬᠢᠬᠦ ᠬᠡᠷᠡᠭᠲᠡᠢ᠃     ᠲᠠᠪᠤ᠂ ᠲᠡᠷᠭᠡ ᠬᠡᠷᠡᠭᠯᠡᠬᠦ ᠠᠵᠤ ᠠᠬᠤᠶᠢᠯᠠᠯ ᠨᠢ ᠪᠠᠷᠠᠭ᠎ᠠ ᠲᠡᠭᠡᠭᠡᠪᠦᠷᠢ  ᠶᠢᠨ ᠲᠡᠷᠭᠡ ᠬᠥᠰᠬᠡ ᠲᠤ ᠪᠢᠲᠡᠭᠦᠮᠵᠢᠯᠡᠭᠰᠡᠨ  ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠪᠠᠷᠠᠭ᠎ᠠ ᠲᠡᠭᠡᠭᠡᠪᠦᠷᠢ  ᠶᠢᠨ ᠲᠡᠷᠭᠡ ᠬᠥᠰᠬᠡ ᠪᠠᠷᠠᠭ᠎ᠠ ᠠᠴᠢᠶᠠᠯᠠᠵᠤ ᠪᠠᠭᠤᠯᠭᠠᠬᠤ ᠶᠢ ᠪᠡᠶᠡᠯᠡᠭᠦᠯᠦᠭᠰᠡᠨ  ᠤ ᠳᠠᠷᠠᠭ᠎ᠠ᠂ ᠳᠠᠷᠤᠶᠢᠬᠠᠨ ᠦᠢᠯᠡᠳᠪᠦᠷᠢ  ᠶᠢᠨ ᠲᠣᠭᠤᠷᠢᠭ ᠠᠴᠠ ᠰᠠᠯᠵᠤ᠂ ᠪᠤᠰᠤᠳ ᠬᠥᠮᠥᠰ ᠲᠠᠢ ᠣᠶᠢᠷᠠᠲᠤᠵᠤ ᠪᠣᠯᠬᠤ ᠦᠭᠡᠢ᠃     ᠵᠢᠷᠭᠤᠭ᠎ᠠ᠂ ᠲᠡᠷᠭᠡ ᠬᠡᠷᠡᠭᠯᠡᠬᠦ ᠠᠵᠤ ᠠᠬᠤᠶᠢᠯᠠᠯ ᠨᠢ ᠱᠠᠭᠠᠷᠳᠠᠯᠭ᠎ᠠ ᠶᠣᠰᠣᠭᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠬᠠᠷᠢᠭᠤᠴᠠᠵᠤ᠂ ᠵᠢᠯᠣᠭᠤᠴᠢ ᠶᠢ ᠰᠢᠮᠳᠠᠭᠤᠯᠵᠤ ᠪᠠᠶᠢᠭᠠᠳ ᠲᠣᠭᠲᠠᠭᠠᠯ ᠶᠣᠰᠣᠭᠠᠷ ᠸᠠᠺᠼᠢᠨ ᠤ ᠲᠠᠷᠢᠯᠭ᠎ᠠ ᠬᠢᠯᠭᠡᠨ᠎ᠡ᠃     ᠳᠣᠯᠤᠭ᠎ᠠ᠂ ᠤᠷᠠᠳ ᠤᠨ ᠡᠮᠦᠨᠡᠲᠦ ᠬᠤᠰᠢᠭᠤᠨ ᠳᠤ ᠣᠷᠣᠵᠤ ᠢᠷᠡᠬᠦ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠪᠣᠯᠣᠨ ᠪᠠᠷᠠᠭ᠎ᠠ ᠶᠢ ᠳᠠᠷᠤᠶᠢᠬᠠᠨ  ᠠᠷᠢᠭᠤᠳᠬᠠᠵᠤ᠂ ᠠᠷᠢᠭᠤᠳᠬᠠᠵᠤ ᠪᠠᠷᠠᠭᠰᠠᠨ ᠤ ᠳᠠᠷᠠᠭ᠎ᠠ ᠰᠠᠶ᠋ᠢ ᠪᠠᠷᠠᠭ᠎ᠠ ᠶᠢ ᠠᠴᠢᠶᠠᠯᠠᠵᠤ ᠪᠠᠭᠤᠯᠭᠠᠵᠤ᠂ ᠪᠠᠷᠠᠭ᠎ᠠ ᠲᠡᠭᠡᠭᠡᠪᠦᠷᠢᠯᠡᠬᠦ ᠵᠠᠮ ᠢᠶᠠᠷ ᠰᠢᠨ᠎ᠡ ᠸᠢᠷᠦ᠋ᠰ ᠤᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃     ᠨᠠᠢᠮᠠ᠂ ᠬᠡᠷᠪᠡ ᠠᠵᠤ ᠠᠬᠤᠶᠢᠯᠠᠯ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠬᠤ ᠦᠭᠡᠢ᠂ ᠦᠨᠡᠨ ᠪᠣᠳᠠᠲᠠᠢ ᠪᠤᠰᠤ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠪᠤᠶᠤ ᠬᠠᠩᠭᠠᠭᠰᠠᠨ ᠵᠡᠷᠭᠡ ᠪᠠᠶᠢᠳᠠᠯ ᠳᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠪᠤᠶᠤ ᠪᠤᠰᠤᠳ ᠮᠠᠭᠤ ᠨᠥᠯᠥᠭᠡ ᠭᠠᠷᠭᠠᠭᠰᠠᠨ ᠡᠰᠡᠬᠦ ᠶᠢ ᠬᠠᠮᠢᠶᠠᠷᠤᠯ ᠦᠭᠡᠢ ᠪᠠᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ  ᠠᠴᠠ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0478 ︱ 3211859ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478 ︱ 2216466ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠄ 0478 ︱ 3260775                                ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                2022 ᠣᠨ ᠤ 2 ᠰᠠᠷ᠎ᠠ ᠶᠢᠨ 21     ᠤᠷᠠᠳ ᠰᠢᠨ᠎ᠡ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ〔2022〕18 ᠳ᠋ᠤᠭᠠᠷ ᠲᠣᠭᠠᠲᠤ︽ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠸᠢᠷᠦ᠋ᠰ ᠤᠨ ᠪᠥᠭᠡᠮ ᠬᠦᠴᠢᠯ ᠢ ᠰᠢᠨ᠎ᠡ ᠪᠠᠷ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ ᠲᠤᠬᠠᠢ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠠᠯ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ  ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄     ᠡᠳᠦᠭᠡ ︽ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠬᠦ ᠲᠤᠬᠠᠢ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠭᠠᠷᠠᠢ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                     2022 ᠣᠨ ᠤ 2 ᠰᠠᠷ᠎ᠠ ᠶᠢᠨ 22     ᠤᠷᠠᠳ ᠤᠨ ᠡᠮᠦᠨᠡᠲᠦ ᠬᠤᠰᠢᠭᠤᠨ ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 2 ᠰᠠᠷ᠎ᠠ ᠶᠢᠨ 23 ᠤ ᠡᠳᠦᠷ ᠤᠨ 9᠄ 00 ᠴᠠᠭ ᠠᠴᠠ ᠡᠬᠢᠯᠡᠨ᠂ ᠮᠤᠨᠠ ᠠᠭᠤᠯᠠ ᠪᠠᠯᠭᠠᠰᠤ ᠶᠢᠨ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠲᠤ ᠬᠤᠶᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠡ ᠃ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠪᠠᠶᠢᠴᠠᠭᠠᠨ ᠰᠢᠯᠭᠠᠬᠤ ᠣᠷᠣᠨ ᠲᠣᠭᠤᠷᠢᠭ ᠢ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠨ ᠲᠣᠭᠤᠷᠢᠭ ᠤᠨ ᠳᠣᠲᠣᠷᠠᠬᠢ ᠪᠣᠶ ᠪᠦᠬᠦᠢ ᠵᠠᠮ ᠪᠠ ᠨᠡᠶᠢᠭᠡᠮ ᠲᠣᠭᠤᠷᠢᠭ᠂ ᠵᠢᠵᠢᠭ ᠲᠣᠭᠤᠷᠢᠭ ᠤᠨ ᠣᠷᠣᠵᠤ ᠭᠠᠷᠬᠤ ᠭᠠᠵᠠᠷ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠥᠪᠰᠢᠶᠡᠷᠡᠯ ᠦᠭᠡᠢ ᠪᠠᠷ ᠶᠠᠮᠠᠷᠪᠠ ᠲᠡᠷᠭᠡ ᠬᠥᠰᠬᠡ᠂ ᠠᠵᠢᠯᠲᠠᠨ ᠴᠥᠮ ᠵᠢᠵᠢᠭ ᠲᠣᠭᠤᠷᠢᠭ ᠢᠶᠠᠷ ᠣᠷᠣᠵᠤ ᠭᠠᠷᠴᠤ ᠪᠣᠯᠬᠤ ᠦᠭᠡᠢ᠃ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠥᠷᠭᠡᠨ ᠣᠯᠠᠨ ᠰᠠᠭᠤᠭᠠᠯᠢ ᠠᠷᠠᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠪᠠ ᠪᠠᠶᠢᠭ᠎ᠠ ᠨᠡᠶᠢᠭᠡᠮ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠤ ᠪᠣᠳᠠᠲᠠᠢ ᠲᠣᠬᠢᠷᠠᠭᠤᠯᠤᠯᠲᠠ ᠶᠣᠰᠣᠭᠠᠷ᠂ ᠦᠨᠡᠨ ᠨᠡᠷ᠎ᠡ ᠪᠠᠷ ᠢᠶᠠᠨ ᠡᠷᠡᠭᠦᠯ ᠮᠡᠨᠳᠦ ᠶᠢᠨ ᠺᠣᠳ᠋ ᠭᠤᠶᠤᠴᠢᠯᠠᠨ ᠠᠪᠬᠤ ᠪᠠᠷ ᠤᠷᠢᠳᠴᠢᠯᠠᠨ ᠭᠤᠶᠤᠴᠢᠯᠠᠵᠤ᠂ ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠳᠠᠩᠰᠠᠯᠠᠯᠲᠠ︾ ᠶᠢᠨ ᠬᠤᠶᠠᠷ ᠬᠡᠮᠵᠢᠯᠲᠦ ᠺᠣᠳ᠋ ᠢ ᠰᠢᠷᠪᠢᠬᠦ ᠪᠠᠷ ᠳᠡᠮᠵᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠳᠠᠩᠰᠠᠯᠠᠯᠲᠠ ᠬᠢᠵᠦ᠂ ᠪᠣᠶ ᠪᠣᠯᠤᠭᠰᠠᠨ ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠳᠠᠩᠰᠠᠯᠠᠯᠲᠠ︾ ᠶᠢᠨ ᠬᠤᠶᠠᠷ ᠬᠡᠮᠵᠢᠯᠲᠦ ᠺᠣᠳ᠋ ᠪᠠ ᠡᠷᠡᠭᠦᠯ ᠮᠡᠨᠳᠦ ᠶᠢᠨ ᠨᠣᠭᠤᠭᠠᠨ ᠺᠣᠳ᠋ ᠤᠨ ᠬᠡᠷᠴᠢᠮ ᠢ ᠭᠠᠷ ᠤᠲᠠᠰᠤᠨ ᠤ ᠬᠡᠷᠡᠯ ᠵᠢᠷᠤᠭ ᠤᠨ ᠳᠡᠪᠲᠡᠷ ᠲᠤ ᠬᠠᠳᠠᠭᠠᠯᠠᠵᠤ᠂ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ ᠥᠯᠢᠭᠡᠷ ᠠᠪᠬᠤ ᠴᠡᠭ ᠲᠤ ᠡᠮᠬᠢ ᠵᠢᠷᠤᠮ ᠲᠠᠢ ᠪᠠᠷ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠡ᠃ ᠦᠯᠢᠭᠡᠷ ᠠᠪᠬᠤ ᠶᠢ ᠬᠦᠯᠢᠶᠡᠵᠦ ᠪᠠᠶᠢᠭ᠎ᠠ ᠬᠤᠭᠤᠴᠠᠭᠠᠨ ᠳᠤ ᠦᠯᠢᠭᠡᠷ ᠠᠪᠬᠤ ᠭᠠᠵᠠᠷ ᠲᠤ ᠳᠤᠷ᠎ᠠ ᠪᠠᠷ ᠢᠶᠠᠨ ᠣᠴᠢᠵᠤ ᠪᠣᠯᠬᠤ ᠦᠭᠡᠢ᠂ ᠪᠥᠭᠡᠮᠨᠡᠷᠡᠨ ᠣᠪᠣᠭᠠᠷᠠᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠦᠬᠦᠨ ᠢ ᠭᠠᠷᠭᠠᠵᠤ ᠥᠭᠬᠦ ᠠᠴᠠ ᠡᠮᠦᠨ᠎ᠡ ᠴᠥᠮ ᠭᠡᠷ ᠲᠡᠭᠡᠨ ᠰᠠᠭᠤᠯᠭᠠᠨ᠎ᠠ᠃      ᠬᠤᠶᠠᠷ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠥᠨᠳᠥᠷ ᠨᠠᠰᠤᠲᠠᠢ ᠨᠠᠰᠤᠲᠠᠨ᠂ ᠵᠢᠷᠮᠦᠰᠦᠨ ᠡᠮᠡᠭᠲᠡᠢ᠂ ᠨᠢᠯᠬ᠎ᠠ ᠬᠡᠦᠬᠡᠳ᠂ ᠵᠡᠮᠳᠡᠭ ᠬᠥᠮᠥᠰ ᠵᠡᠷᠭᠡ ᠣᠨᠴᠣᠭᠤᠢ ᠬᠦᠴᠢᠷᠳᠡᠯ ᠲᠠᠢ ᠪᠣᠯ ᠪᠠᠶᠢᠭ᠎ᠠ ᠨᠡᠶᠢᠭᠡᠮ ᠲᠣᠭᠤᠷᠢᠭ ᠲᠠᠭᠠᠨ ᠰᠠᠨᠠᠭᠠᠴᠢᠯᠠᠭ᠎ᠠ  ᠠᠴᠠ ᠪᠠᠨ ᠮᠡᠳᠡᠭᠳᠡᠵᠦ᠂ ᠠᠵᠢᠯᠲᠠᠨ ᠤ ᠭᠡᠷ  ᠲᠤᠨᠢ ᠬᠦᠷᠴᠦ ᠥᠯᠢᠭᠡᠷ ᠠᠪᠬᠤ ᠶᠢ ᠬᠦᠯᠢᠶᠡᠬᠦ ᠬᠡᠷᠡᠭᠲᠡᠢ᠃     ᠭᠤᠷᠪᠠ᠂ ᠪᠥᠭᠡᠮ ᠬᠦᠴᠢᠯ ᠤᠨ ᠥᠯᠢᠭᠡᠷ ᠠᠪᠬᠤ ᠶᠠᠪᠤᠴᠠ ᠳᠤ ᠪᠥᠬᠦ ᠶᠠᠪᠤᠴᠠ ᠳᠤ ᠠᠮᠠᠪᠴᠢ ᠵᠡᠭᠦᠵᠦ᠂ ᠪᠤᠰᠤᠳ ᠬᠥᠮᠥᠨ ᠲᠠᠢ 1 ᠮᠧᠲᠷ ᠠᠴᠠ ᠳᠡᠭᠡᠭᠰᠢ ᠵᠠᠢ ᠲᠠᠢ ᠪᠠᠶᠢᠯᠭᠠᠬᠤ ᠬᠡᠷᠡᠭᠲᠡᠢ᠂ 14 ᠨᠠᠰᠤ ᠬᠦᠷᠦᠭᠡᠳᠦᠢ ᠪᠤᠶᠤ ᠡᠪᠡᠳᠴᠢᠨ ᠲᠠᠢ ᠬᠥᠮᠥᠰ ᠲᠤ ᠬᠢᠨᠠᠨ ᠬᠠᠮᠠᠭᠠᠯᠠᠭᠴᠢ ᠨᠢ ᠪᠠᠷ᠎ᠠ ᠪᠣᠯᠬᠤ ᠬᠡᠷᠡᠭᠲᠡᠢ᠃ᠵᠢᠭᠰᠠᠭᠠᠯ ᠳᠤ ᠣᠷᠣᠬᠤ ᠦᠭᠡᠢ᠂ ᠶᠠᠷᠢᠯᠴᠠᠬᠤ ᠦᠭᠡᠢ᠂ ᠴᠤᠭᠯᠠᠬᠤ ᠦᠭᠡᠢ᠂ ᠦᠯᠢᠭᠡᠷ ᠠᠪᠴᠤ ᠪᠠᠷᠠᠭᠰᠠᠨ ᠤ ᠳᠠᠷᠠᠭ᠎ᠠ ᠦᠯᠢᠭᠡᠷ ᠠᠪᠬᠤ ᠴᠡᠭ ᠠᠴᠠ ᠪᠠᠨ ᠳᠠᠷᠤᠶᠢᠬᠠᠨ ᠰᠠᠯᠵᠤ ᠶᠠᠪᠤᠨ᠎ᠠ᠃     ᠳᠥᠷᠪᠡ᠂ 48 ᠴᠠᠭ ᠤᠨ ᠳᠣᠲᠣᠷ᠎ᠠ  ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠬᠥᠮᠥᠰ ᠰᠠᠨᠠᠭᠠᠴᠢᠯᠠᠭ᠎ᠠ  ᠠᠴᠠ ᠪᠠᠨ ᠠᠵᠢᠯᠲᠠᠳ ᠲᠠᠭᠠᠨ ᠲᠠᠷᠢᠯᠭ᠎ᠠ ᠬᠢᠭᠰᠡᠨ ᠭᠡᠷᠡᠴᠢ ᠪᠠᠨ ᠦᠵᠡᠭᠦᠯᠬᠦ ᠬᠡᠷᠡᠭᠲᠡᠢ᠂ ᠲᠣᠰ ᠡᠭᠡᠯᠵᠢ ᠶᠢᠨ ᠪᠥᠭᠡᠮ ᠬᠦᠴᠢᠯ ᠤᠨ ᠥᠯᠢᠭᠡᠷ ᠠᠪᠬᠤ ᠳᠤ ᠣᠷᠣᠯᠴᠠᠵᠤ ᠪᠣᠯᠬᠤ ᠦᠭᠡᠢ︔ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠥᠰ ᠡᠷᠬᠡᠪᠰᠢ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠨ᠎ᠡ᠂ ᠲᠤᠰ ᠡᠭᠡᠯᠵᠢ ᠶᠢᠨ ᠪᠥᠭᠡᠮ ᠬᠦᠴᠢᠯ ᠤᠨ ᠦᠯᠢᠭᠡᠷ ᠠᠪᠬᠤ ᠳᠤ ᠣᠷᠣᠯᠴᠠᠵᠤ ᠪᠣᠯᠬᠤ ᠦᠭᠡᠢ᠃     ᠲᠠᠪᠤ᠂ ᠥᠷᠭᠡᠨ ᠤᠯᠠᠨ ᠰᠠᠭᠤᠭᠠᠯᠢ ᠠᠷᠠᠳ ᠪᠥᠭᠡᠮ ᠬᠦᠴᠢᠯ  ᠢ ᠪᠠᠶᠢᠴᠠᠭᠠᠨ ᠰᠢᠯᠭᠠᠬᠤ ᠠᠵᠢᠯ  ᠢ ᠰᠢᠨᠵᠢᠯᠡᠬᠦ ᠤᠬᠠᠭᠠᠨᠴᠢ ᠪᠠᠷ ᠲᠠᠨᠢᠵᠤ᠂ ᠢᠳᠡᠪᠬᠢᠲᠡᠢ ᠪᠠᠷ ᠬᠠᠮᠵᠢᠯᠴᠠᠨ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ  ᠢ  ᠪᠠᠶᠢᠴᠠᠭᠠᠨ ᠰᠢᠯᠭᠠᠭᠰᠠᠨ ᠦᠭᠡᠢ᠂ ᠬᠤᠳᠠᠯ  ᠢᠶᠠᠷ ᠵᠣᠬᠢᠶᠠᠭᠰᠠᠨ ᠮᠡᠳᠡᠭᠡ ᠵᠠᠩᠭᠢ ᠶᠢ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠦᠭᠰᠡᠨ᠂ ᠪᠠᠶᠢᠴᠠᠭᠠᠨ ᠰᠢᠯᠭᠠᠬᠤ ᠠᠵᠢᠯ  ᠢ ᠬᠠᠷᠰᠢᠯᠠᠨ ᠡᠪᠳᠡᠵᠦ ᠬᠠᠷᠰᠢᠯᠠᠭᠰᠠᠨ ᠬᠥᠮᠥᠰ ᠵᠢᠴᠢ ᠮᠠᠭᠤ ᠰᠠᠨᠠᠭ᠎ᠠ ᠲᠠᠢ ᠪᠠᠷ ᠴᠤᠤᠷᠬᠠᠯ ᠲᠠᠯᠪᠢᠵᠤ᠂ ᠦᠨᠡᠨ ᠪᠣᠳᠠᠲᠠᠢ ᠪᠤᠰᠤ ᠵᠢᠷᠤᠭ᠂ ᠬᠠᠷᠠᠭᠠᠨ ᠳᠠᠪᠲᠠᠮᠵᠢ ᠪᠣᠯᠣᠨ ᠶᠠᠷᠢᠶ᠎ᠠ ᠥᠭᠦᠯᠡᠯ  ᠢ ᠤᠯᠠᠮᠵᠢᠯᠠᠨ ᠲᠠᠷᠬᠠᠭᠠᠭᠠᠳ ᠬᠦᠨᠳᠦ ᠨᠣᠴᠢᠲᠠᠢ ᠨᠡᠶᠢᠭᠡᠮ  ᠤᠨ ᠨᠥᠯᠥᠭᠡ ᠭᠠᠷᠭᠠᠭᠰᠠᠨ ᠪᠣᠯ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃     ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠤᠨ ᠬᠦᠴᠦᠲᠡᠢ ᠳᠡᠮᠵᠢᠯᠭᠡ ᠪᠠ ᠢᠳᠡᠪᠬᠢᠲᠡᠢ ᠬᠠᠮᠵᠢᠯᠴᠠᠭ᠎ᠠ ᠳᠣᠣᠷ᠎ᠠ᠂ ᠮᠤᠨᠠ ᠠᠭᠤᠯᠠ ᠪᠠᠯᠭᠠᠰᠤ ᠶᠢᠨ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠠᠩᠬᠠᠨ ᠤ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠶᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠠᠮᠲᠤ ᠪᠠᠷ ᠪᠡᠶᠡᠯᠡᠭᠦᠯᠦᠶ᠎ᠡ᠃     ᠳᠣᠯᠤᠭ᠎ᠠ᠂ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠳᠣᠣᠷ᠎ᠠ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢᠨ ᠬᠠᠮᠲᠤ᠂ ᠬᠦᠢᠲᠡᠨ ᠠᠴᠠ ᠰᠡᠷᠭᠡᠶᠢᠯᠡᠬᠦ ᠬᠤᠪᠴᠠᠰᠤ ᠪᠠᠨ ᠡᠮᠦᠰᠴᠦ᠂ ᠳᠤᠯᠠᠭᠠᠯᠠᠵᠤ ᠳᠤᠯᠠᠭᠠᠯᠠᠬᠤ ᠶᠢ ᠠᠩᠬᠠᠷᠴᠤ᠂ ᠲᠤᠬᠠᠢ ᠶᠢᠨ ᠲᠠᠯᠠᠪᠤᠷ ᠤᠨ ᠠᠵᠢᠯᠲᠠᠨ ᠤ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0478 ︱ 3211859ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478 ︱ 2216466ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠄ 0478 ︱ 3260775                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ     ᠤᠷᠠᠳ ᠰᠢᠨ᠎ᠡ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ ( 2022 ) 19  ᠳ᠋ᠦ᠋ᠭᠡᠷ ᠨᠣᠮᠧᠷ︽ᠦᠨᠳᠦᠰᠦᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠬᠤ ᠲᠤᠬᠠᠢ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠠᠯ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄    ᠡᠳᠦᠭᠡ ︽ᠦᠨᠳᠦᠰᠦᠨ ᠠᠮᠢᠳᠤᠷᠠᠯ  ᠤᠨ ᠡᠳ᠋ ᠪᠠᠷᠠᠭ᠎ᠠ  ᠶᠢᠨ ᠪᠠᠲᠤᠯᠠᠭ᠎ᠠ  ᠶᠢᠨ ᠠᠵᠢᠯ  ᠢ ᠴᠢᠩᠭᠠᠳᠬᠠᠬᠤ ᠲᠤᠬᠠᠢ ᠲᠥᠰᠥᠯ︾  ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠣᠯᠪᠠᠤ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                   2022 ᠣᠨ ᠤ 2 ᠰᠠᠷ᠎ᠠ ᠶᠢᠨ 23        ᠣᠳᠣᠬᠠᠨ ᠳᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠠᠮᠤ ᠪᠤᠳᠠᠭ᠎ᠠ᠂ ᠢᠳᠡᠰᠢᠨ ᠲᠣᠰᠣ᠂ ᠮᠢᠬᠠᠨ ᠤ ᠵᠦᠢᠯ᠂ ᠲᠠᠬᠢᠶᠠᠨ ᠥᠨᠳᠡᠭᠡ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠤᠨ ᠬᠠᠳᠠᠭᠠᠯᠠᠯᠲᠠ ᠶᠢᠨ ᠪᠠᠶᠢᠳᠠᠯ ᠵᠢᠴᠢ ᠰᠢᠯᠵᠢᠭᠦᠯᠦᠨ ᠣᠷᠣᠭᠤᠯᠬᠤ ᠬᠡᠮᠵᠢᠶ᠎ᠡ᠂ ᠣᠷᠣᠭᠤᠯᠤᠯᠲᠠ ᠶᠢᠨ ᠬᠡᠮᠵᠢᠶ᠎ᠡ ᠪᠠ ᠡᠳᠦᠷ ᠤᠨ ᠬᠤᠷᠣᠭᠳᠠᠯ ᠤᠨ ᠬᠡᠮᠵᠢᠶ᠎ᠡ ᠵᠡᠷᠭᠡ ᠶᠢᠨ ᠬᠥᠳᠡᠯᠦᠩᠭᠦᠢ ᠬᠤᠪᠢᠷᠠᠯᠲᠠ ᠶᠢ ᠨᠢᠭᠲᠠ ᠠᠩᠬᠠᠷᠴᠤ᠂ ᠠᠮᠢᠳᠤᠷᠠᠯ ᠤᠨ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ᠂ ᠨᠥᠭᠡᠴᠡᠯᠡᠬᠦ᠂ ᠲᠣᠬᠢᠷᠠᠭᠤᠯᠤᠨ ᠬᠦᠷᠭᠡᠬᠦ ᠵᠡᠷᠭᠡ ᠬᠠᠩᠭᠠᠯᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠥᠬᠦ ᠬᠤᠰᠢᠭᠤᠨ ᠤ ᠠᠮᠢᠳᠤᠷᠠᠯ ᠤᠨ ᠡᠳ᠋ ᠪᠣᠳᠠᠰ ᠤᠨ ᠪᠣᠷᠤᠯᠠᠭᠤᠯᠭ᠎ᠠ ᠲᠠᠰᠤᠷᠠᠬᠤ ᠦᠭᠡᠢ᠂ ᠲᠠᠰᠤᠷᠠᠯᠲᠠ ᠦᠭᠡᠢ ᠪᠠᠶᠢᠬᠤ ᠶᠢ ᠪᠠᠲᠤᠯᠠᠵᠤ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃     ᠬᠤᠶᠠᠷ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ︵ᠬᠤᠰᠢᠭᠤᠨ ᠤ ᠳᠣᠲᠣᠷᠠᠬᠢ ᠴᠠᠩ ᠴᠢᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠢᠶᠠ ᠶᠧ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠢᠶᠠᠨ ᠵᠧᠩ ᠬᠡᠲᠦ ᠳᠡᠯᠭᠡᠭᠦᠷ᠂ ᠶᠦᠩ ᠱᠧᠩ ᠴᠧᠩ ᠬᠡᠲᠦ ᠳᠡᠯᠭᠡᠭᠦᠷ ᠢᠶᠠᠷ ᠬᠢᠵᠠᠭᠠᠷᠯᠠᠨ᠎ᠠ︶ ᠤᠨ ᠠᠮᠢᠳᠤᠷᠠᠯ ᠤᠨ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠠᠴᠠ ᠡᠮᠦᠨ᠎ᠡ᠂ ᠠᠵᠢᠯᠯᠠᠵᠤ ᠪᠠᠶᠢᠭ᠎ᠠ ᠬᠥᠮᠥᠰ ᠵᠢᠴᠢ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠳᠡᠭᠡ ᠵᠠᠩᠭᠢ ︵ᠵᠢᠯᠣᠭᠤᠴᠢ ᠶᠢᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠲᠡᠷᠭᠡᠨ ᠨᠣᠮᠧᠷ᠂ ᠡᠳ᠋ ᠪᠠᠷᠠᠭ᠎ᠠ ᠶᠢᠨ ᠲᠥᠷᠥᠯ ᠵᠦᠢᠯ ᠵᠡᠷᠭᠡ︶ ᠶᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠤᠷᠢᠳᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠶᠢᠨ ᠬᠠᠮᠲᠤ ᠠᠵᠢᠯᠲᠠᠨ ᠤ ᠦᠨᠡᠮᠯᠡᠯ ᠵᠢᠴᠢ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠢ ᠭᠤᠶᠤᠴᠢᠯᠠᠨ ᠠᠪᠴᠤ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠦᠢᠯᠡᠴᠢᠯᠡᠭᠡᠨ ᠤ ᠴᠡᠭ ᠲᠤ ᠵᠡᠷᠭᠡᠪᠡᠷ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠬᠤᠰᠢᠭᠤᠨ ᠳᠣᠲᠣᠷᠠᠬᠢ ᠡᠯ᠎ᠡ ᠵᠠᠮ ᠬᠠᠷᠢᠯᠴᠠᠭᠠᠨ ᠤ ᠦᠢᠯᠡᠴᠢᠯᠡᠭᠡᠨ ᠤ  ᠴᠡᠭ ᠨᠢ ︽ᠬᠤᠣᠰ ᠦᠨᠡᠮᠯᠡᠯ︾ ︵ᠠᠵᠢᠯ ᠤᠨ ᠦᠨᠡᠮᠯᠡᠯ᠂ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ︶ ᠢ ᠬᠠᠷᠭᠤᠭᠤᠯᠤᠨ ᠪᠠᠶᠢᠴᠠᠭᠠᠵᠤ ᠰᠢᠯᠭᠠᠨ ᠨᠤᠲᠠᠯᠠᠭᠰᠠᠨ ᠤ ᠳᠠᠷᠠᠭ᠎ᠠ ᠲᠠᠯᠪᠢᠵᠤ᠂ ᠠᠮᠢᠳᠤᠷᠠᠯ ᠤᠨ ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃     ᠭᠤᠷᠪᠠ᠂ ᠬᠤᠲᠠ ᠪᠠᠯᠭᠠᠰᠤ ᠶᠢᠨ ᠡᠯ᠎ᠡ ᠰᠠᠭᠤᠭᠠᠯᠢ ᠠᠷᠠᠳ ᠤᠨ ᠲᠣᠭᠤᠷᠢᠭ ︵ᠪᠠᠶᠢᠰᠢᠩ ᠭᠡᠷ ᠤᠨ ᠵᠠᠯᠭᠠᠯᠳᠤᠭᠰᠠᠨ ᠲᠣᠭᠤᠷᠢᠭ ᠢ ᠪᠠᠭᠲᠠᠭᠠᠨ᠎ᠠ︶᠂ ᠭᠠᠴᠠᠭ᠎ᠠ ᠲᠣᠰᠬᠤᠨ ︵ᠪᠠᠶᠢᠭᠠᠯᠢ ᠶᠢᠨ ᠬᠤᠷᠰᠢᠶ᠎ᠠ ᠶᠢ ᠪᠠᠭᠲᠠᠭᠠᠨ᠎ᠠ︶ ᠤ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠰᠦᠯᠵᠢᠶᠡᠨ ᠤ ᠠᠵᠢᠯᠲᠠᠨ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠵᠡᠷᠭᠡ ᠠᠵᠢᠯᠲᠠᠨ ᠨᠢ ᠰᠠᠭᠤᠭᠠᠯᠢ ᠠᠷᠠᠳ ᠤᠨ ᠠᠮᠢᠳᠤᠷᠠᠯ ᠤᠨ ᠡᠳ᠋ ᠪᠠᠷᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠦᠷᠢᠳᠬᠡᠯ ᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠲᠠᠢ ᠬᠠᠷᠢᠯᠴᠠᠵᠤ ᠲᠣᠬᠢᠷᠠᠭᠤᠯᠤᠨ ᠬᠦᠷᠭᠡᠬᠦ ᠬᠡᠷᠡᠭᠲᠡᠢ᠃ᠬᠤᠲᠠ ᠶᠢᠨ ᠲᠣᠭᠤᠷᠢᠭ ᠤᠨ ᠪᠠᠶᠢᠰᠢᠩ ᠭᠡᠷ ᠤᠨ ᠲᠣᠭᠤᠷᠢᠭ᠂ ᠠᠳᠠᠯ ᠠᠬᠤᠢ ᠶᠢᠨ ᠬᠠᠮᠢᠶᠠᠷᠤᠯᠲᠠ ᠦᠭᠡᠢ ᠵᠢᠵᠢᠭ ᠲᠣᠭᠤᠷᠢᠭ ᠲᠤ ᠴᠢᠭᠯᠡᠭᠦᠯᠦᠨ᠂ ᠠᠵᠢᠯᠲᠠᠳ ᠠᠮᠢᠳᠤᠷᠠᠯ ᠤᠨ ᠡᠳ᠋ ᠪᠠᠷᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠬᠦ᠂ ᠰᠢᠯᠵᠢᠭᠦᠯᠦᠨ ᠲᠡᠭᠡᠭᠡᠪᠦᠷᠢᠯᠡᠬᠦ᠂ ᠬᠤᠪᠢᠶᠠᠨ ᠲᠠᠷᠬᠠᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠡᠳ᠋ ᠪᠠᠷᠠᠭ᠎ᠠ ᠶᠢᠨ ᠡᠮᠬᠢ ᠵᠢᠷᠤᠮ ᠲᠠᠢ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ᠃     ᠳᠥᠷᠪᠡ᠂ ᠠᠮᠢᠳᠤᠷᠠᠯ ᠤᠨ ᠡᠳ᠋ ᠪᠠᠷᠠᠭ᠎ᠠ ᠶᠢᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠥᠰ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠵᠠᠪᠰᠢᠶᠠᠨ ᠢ ᠳᠠᠯᠢᠮᠳᠠᠭᠤᠯᠤᠨ ᠠᠮᠢᠳᠤᠷᠠᠯ ᠤᠨ ᠡᠳ᠋ ᠪᠠᠷᠠᠭ᠎ᠠ ᠶᠢᠨ ᠬᠠᠩᠭᠠᠯᠭ᠎ᠠ ᠶᠢ ᠪᠠᠲᠤᠯᠠᠬᠤ ᠯᠤᠭ᠎ᠠ ᠬᠠᠮᠢᠶ᠎ᠠ ᠦᠭᠡᠢ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ᠬᠠᠮᠢᠶ᠎ᠠ ᠪᠦᠬᠦᠢ ᠬᠢᠵᠢᠭ ᠢ ᠰᠡᠷᠭᠡᠶᠢᠯᠡᠬᠦ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠵᠤ᠂ ᠬᠤᠲᠠ ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠵᠡᠩᠨᠡᠯᠲᠡ ᠶᠢᠨ ᠲᠠᠯᠠᠪᠤᠷ ᠭᠠᠵᠠᠷ᠂ ᠲᠡᠭᠡᠭᠡᠪᠦᠷᠢ ᠶᠢᠨ ᠲᠡᠷᠭᠡ ᠬᠥᠰᠬᠡ ᠶᠢ ᠠᠷᠢᠭᠤᠳᠬᠠᠬᠤ ᠵᠢᠴᠢ ᠠᠵᠢᠯᠯᠠᠵᠤ ᠪᠠᠶᠢᠭ᠎ᠠ ᠬᠥᠮᠥᠰ ᠢ ᠳᠠᠩᠰᠠᠯᠠᠬᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃ ᠬᠡᠷᠪᠡ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠬᠢᠯᠡᠭᠦᠯᠬᠦ ᠳᠤ ᠭᠦᠷᠪᠡᠯ᠂ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠣᠬᠢᠷᠠᠭᠤᠯᠭ᠎ᠠ ᠶᠢ ᠳᠠᠭᠠᠨ᠎ᠠ᠃     ᠲᠠᠪᠤ᠂ ᠵᠠᠬ᠎ᠠ ᠳᠡᠯᠭᠡᠭᠦᠷ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠵᠢᠭ  ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠤ ᠠᠮᠢᠳᠤᠷᠠᠯ ᠤᠨ ᠡᠳ᠋ ᠪᠠᠷᠠᠭ᠎ᠠ ᠢᠯᠠᠩᠭᠤᠶ᠎ᠠ ᠮᠢᠬ᠎ᠠ ᠵᠢᠭᠦᠷᠲᠡᠨ ᠥᠨᠳᠡᠭᠡ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠦᠨ᠎ᠡ ᠬᠠᠩᠰᠢ ᠶᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢᠶᠠᠨ ᠨᠡᠮᠡᠭᠳᠡᠭᠦᠯᠦᠨ᠂ ᠪᠠᠷᠠᠭ᠎ᠠ ᠶᠢᠨ ᠦᠨ᠎ᠡ ᠶᠢ ᠳᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠴᠤᠤᠷᠬᠠᠯ ᠲᠠᠷᠬᠠᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠲᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ  ᠤᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠵᠠᠬ᠎ᠠ ᠳᠡᠯᠭᠡᠭᠦᠷ  ᠤᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃     ᠵᠢᠷᠭᠤᠭ᠎ᠠ᠂ ᠦᠨᠡᠮᠯᠡᠯ ᠭᠤᠶᠤᠴᠢᠯᠠᠨ ᠠᠪᠬᠤ ᠭᠠᠷ ᠭᠦᠢᠴᠡᠳᠬᠡᠯ ᠤᠨ ᠤᠲᠠᠰᠤ᠄ ᠯᠢ ᠰᠢᠤᠸᠠᠢ ᠹᠧᠢ18804782008ᠴᠠᠩ ᠴᠢᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠤᠲᠠᠰᠤ᠄ 15148860077᠂ 18947380868᠂ 13789682525ᠵᠢᠶᠠ ᠶᠧ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠤᠲᠠᠰᠤ᠄ 18704995333᠂ 15148817212ᠲᠢᠶᠠᠨ ᠵᠧᠩ ᠬᠡᠲᠦ ᠳᠡᠯᠭᠡᠭᠦᠷ ᠤᠨ ᠤᠲᠠᠰᠤ᠄ 15097836620᠂ 18803043066᠂ 15024899001ᠶᠦᠩ ᠱᠧᠩ ᠴᠧᠩ ᠬᠡᠲᠦ ᠳᠡᠯᠭᠡᠭᠦᠷ ᠤᠨ ᠤᠲᠠᠰᠤ᠄ 13848012443᠂ 13514882656                            ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                      2022 ᠣᠨ ᠤ 2 ᠰᠠᠷ᠎ᠠ ᠶᠢᠨ 23  ᠤᠷᠠᠳ ᠰᠢᠨ᠎ᠡ ᠠᠭᠤᠰᠬᠢᠨ ᠦᠷᠪᠢᠰᠦᠯ ᠢ  ᠰᠡᠷᠭᠡᠶᠢᠯᠡᠨ ᠵᠢᠯᠤᠭᠤᠳᠬᠤ ( 2022 ) 22 ᠳ᠋ᠤᠭᠠᠷ ᠲᠣᠭᠠᠲᠤ︽ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠬᠦ ᠲᠤᠬᠠᠢ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠵᠠᠷᠯᠠᠯ     ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ  ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄    ︽ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠰᠢᠨ᠎ᠡ  ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠬᠦ ᠲᠤᠬᠠᠢ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                        2022 ᠣᠨ ᠤ 2 ᠰᠠᠷ᠎ᠠ ᠶᠢᠨ 24    ᠤᠷᠠᠳ ᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ  ᠶᠢ ᠦᠨᠳᠦᠰᠦᠯᠡᠨ᠂ 2 ᠰᠠᠷ᠎ᠠ ᠶᠢᠨ 24 ᠤ ᠡᠳᠦᠷ ᠤᠨ 11᠄ 00 ᠤᠳᠠᠭ᠎ᠠ᠂ ᠶᠡᠭᠡ  ᠰᠢᠭᠡᠲᠡᠢ  ᠪᠠᠯᠭᠠᠰᠤ᠂ ᠰᠢᠨ ᠠᠨ ᠪᠠᠯᠭᠠᠰᠤ᠂  ᠰᠤᠳᠠᠯ ᠤᠨ ᠬᠤᠳᠳᠤᠭ ᠪᠠᠯᠭᠠᠰᠤ᠂ ᠰᠢ ᠰᠢᠶᠣᠣ ᠵᠣᠣ ᠪᠠᠯᠭᠠᠰᠤ᠂ ᠡᠷᠳᠡᠨᠢᠪᠤᠯᠠᠭ ᠰᠤᠮᠤ᠂ ᠮᠤᠨᠠ ᠠᠭᠤᠯᠠ ᠪᠠᠯᠭᠠᠰᠤ ︵ᠬᠤᠲᠠ ᠲᠣᠭᠤᠷᠢᠭ ᠪᠠ ᠰᠢᠷᠣᠢ ᠶᠢᠨ ᠣᠪᠣᠭ᠎ᠠ ᠲᠣᠰᠬᠤᠨ ᠪᠠᠭᠲᠠᠬᠤ ᠦᠭᠡᠢ︶᠂ ᠰᠢᠶᠠᠨ ᠹᠧᠩ ᠪᠠᠯᠭᠠᠰᠤ ︵ᠤᠤᠯ ᠤᠨ ᠬᠠᠷ᠎ᠠ ᠯᠢᠦ ᠽᠢ ᠰᠢᠶᠠᠩ ᠤᠨ ᠭᠠᠵᠠᠷ ᠣᠷᠣᠨ ᠪᠠᠭᠲᠠᠬᠤ ᠦᠭᠡᠢ︶᠂  ᠰᠤᠳᠠᠯ ᠤᠨ ᠬᠤᠳᠳᠤᠭ ᠲᠠᠷᠢᠶᠠᠯᠠᠩ ᠤᠨ ᠲᠠᠯᠠᠪᠠᠶ᠂ ᠰᠢᠨ ᠠᠨ ᠲᠠᠷᠢᠶᠠᠯᠠᠩ ᠤᠨ ᠲᠠᠯᠠᠪᠠᠶ᠂ ᠰᠢ ᠱᠠᠨ ᠽᠦᠢ ᠶᠢᠨ ᠲᠠᠷᠢᠶᠠᠯᠠᠩ ᠤᠨ ᠲᠠᠯᠠᠪᠠᠶ ︵ᠳᠥᠷᠪᠡ᠂ ᠲᠠᠪᠤᠳᠤᠭᠠᠷ ᠬᠤᠪᠢᠶᠠᠷᠢ ᠲᠠᠯᠠᠪᠠᠶ ᠪᠠᠭᠲᠠᠬᠤ ᠦᠭᠡᠢ︶᠂ ᠢᠳᠡᠭᠡᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠩ ᠹᠦ᠋ ᠨᠠᠰᠤᠲᠠᠨ ᠢ ᠠᠰᠠᠷᠠᠬᠤ ᠬᠦᠷᠢᠶᠡᠯᠡᠩ᠂ ᠤᠯᠠᠭᠠᠨᠰᠤᠬᠠᠢ ᠵᠢᠭᠠᠰᠤᠨ ᠲᠠᠯᠠᠪᠠᠶ ᠵᠡᠷᠭᠡ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠦᠨ᠎ᠡ᠃ᠪᠥᠭᠡᠮ ᠬᠦᠴᠢᠯ ᠢ ᠪᠠᠶᠢᠴᠠᠭᠠᠨ ᠬᠡᠮᠵᠢᠬᠦ ᠬᠤᠭᠤᠴᠠᠭᠠᠨ ᠳᠤ᠂ ᠪᠠᠶᠢᠴᠠᠭᠠᠨ ᠬᠡᠮᠵᠢᠬᠦ ᠣᠷᠣᠨ ᠪᠦᠰᠡ ᠳᠤ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠪᠣᠶ ᠪᠦᠬᠦᠢ ᠵᠠᠮ ᠪᠠ ᠭᠠᠴᠠᠭ᠎ᠠ ᠲᠣᠰᠬᠤᠨ ᠤ ᠣᠷᠣᠵᠤ ᠭᠠᠷᠬᠤ ᠭᠠᠵᠠᠷ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠥᠪᠰᠢᠶᠡᠷᠡᠯ ᠦᠭᠡᠢ ᠪᠠᠷ ᠶᠠᠮᠠᠷᠪᠠ ᠲᠡᠷᠭᠡ ᠬᠥᠰᠬᠡ᠂ ᠠᠵᠢᠯᠲᠠᠨ ᠭᠠᠴᠠᠭ᠎ᠠ ᠲᠣᠰᠬᠤᠨ ᠢᠶᠠᠷ ᠣᠷᠣᠵᠤ ᠭᠠᠷᠴᠤ ᠪᠣᠯᠬᠤ ᠦᠭᠡᠢ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠥᠷᠭᠡᠨ ᠣᠯᠠᠨ ᠮᠠᠯᠴᠢᠨ ᠲᠠᠷᠢᠶᠠᠴᠢᠨ ᠢ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠱᠠᠭᠠᠷᠳᠠᠯᠭ᠎ᠠ ᠪᠠ ᠪᠠᠶᠢᠭ᠎ᠠ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠤ ᠪᠣᠳᠠᠲᠠᠢ ᠲᠣᠬᠢᠷᠠᠭᠤᠯᠤᠯᠲᠠ ᠶᠣᠰᠣᠭᠠᠷ᠂ ᠦᠨᠡᠨ ᠨᠡᠷ᠎ᠡ ᠪᠠᠷ ᠢᠶᠠᠨ ᠡᠷᠡᠭᠦᠯ ᠮᠡᠨᠳᠦ ᠶᠢᠨ ᠺᠣᠳ᠋ ᠭᠤᠶᠤᠴᠢᠯᠠᠨ ᠠᠪᠬᠤ ᠪᠠᠷ ᠤᠷᠢᠳᠴᠢᠯᠠᠨ ᠭᠤᠶᠤᠴᠢᠯᠠᠵᠤ᠂ ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠳᠠᠩᠰᠠᠯᠠᠯᠲᠠ︾ ᠶᠢᠨ ᠬᠤᠶᠠᠷ ᠬᠡᠮᠵᠢᠯᠲᠦ ᠺᠣᠳ᠋ ᠢ ᠰᠢᠷᠪᠢᠬᠦ ᠪᠠᠷ ᠳᠡᠮᠵᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠳᠠᠩᠰᠠᠯᠠᠯᠲᠠ ᠬᠢᠵᠦ᠂ ᠪᠣᠶ ᠪᠣᠯᠤᠭᠰᠠᠨ ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠤᠷᠢᠳᠴᠢᠯᠠᠨ ᠳᠠᠩᠰᠠᠯᠠᠯᠲᠠ︾ ᠶᠢᠨ ᠬᠤᠶᠠᠷ ᠬᠡᠮᠵᠢᠯᠲᠦ ᠺᠣᠳ᠋ ᠪᠠ ᠡᠷᠡᠭᠦᠯ ᠮᠡᠨᠳᠦ ᠶᠢᠨ ᠨᠣᠭᠤᠭᠠᠨ ᠺᠣᠳ᠋ ᠤᠨ ᠬᠡᠷᠴᠢᠮ ᠢ ᠭᠠᠷ ᠤᠲᠠᠰᠤᠨ ᠤ ᠬᠡᠷᠡᠯ ᠵᠢᠷᠤᠭ ᠤᠨ ᠳᠡᠪᠲᠡᠷ ᠲᠤ ᠬᠠᠳᠠᠭᠠᠯᠠᠵᠤ᠂ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ ᠥᠯᠢᠭᠡᠷ ᠠᠪᠬᠤ ᠴᠡᠭ ᠲᠤ ᠡᠮᠬᠢ ᠵᠢᠷᠤᠮ ᠲᠠᠢ ᠪᠠᠷ ᠬᠦᠷᠴᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠡ᠃ᠦᠯᠢᠭᠡᠷ ᠠᠪᠬᠤ ᠶᠢ ᠬᠦᠯᠢᠶᠡᠵᠦ ᠪᠠᠶᠢᠭ᠎ᠠ ᠬᠤᠭᠤᠴᠠᠭᠠᠨ ᠳᠤ ᠦᠯᠢᠭᠡᠷ ᠠᠪᠬᠤ ᠭᠠᠵᠠᠷ ᠲᠤ ᠳᠤᠷ᠎ᠠ ᠪᠠᠷ ᠢᠶᠠᠨ ᠣᠴᠢᠵᠤ ᠪᠣᠯᠬᠤ ᠦᠭᠡᠢ᠂ ᠪᠥᠭᠡᠮᠨᠡᠷᠡᠨ ᠣᠪᠣᠭᠠᠷᠠᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠦᠬᠦᠨ ᠢ ᠭᠠᠷᠭᠠᠵᠤ ᠥᠭᠬᠦ ᠠᠴᠠ ᠡᠮᠦᠨ᠎ᠡ ᠴᠥᠮ ᠭᠡᠷ ᠲᠡᠭᠡᠨ ᠰᠠᠭᠤᠯᠭᠠᠨ᠎ᠠ᠃     ᠬᠤᠶᠠᠷ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠤᠭᠤᠴᠠᠭᠠᠨ ᠳᠤ᠂ ᠥᠨᠳᠥᠷ ᠨᠠᠰᠤᠲᠠᠢ ᠨᠠᠰᠤᠲᠠᠨ᠂ ᠵᠢᠷᠮᠦᠰᠦᠨ ᠡᠮᠡᠭᠲᠡᠢ᠂ ᠨᠢᠯᠬ᠎ᠠ ᠬᠡᠦᠬᠡᠳ᠂ ᠵᠡᠮᠳᠡᠭ ᠬᠥᠮᠥᠰ ᠵᠡᠷᠭᠡ ᠳᠤ ᠣᠨᠴᠣᠭᠤᠢ ᠬᠦᠴᠢᠷᠳᠡᠯ ᠲᠠᠢ ᠪᠠᠶᠢᠪᠠᠯ᠂ ᠪᠠᠶᠢᠭ᠎ᠠ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠳᠤ ᠰᠠᠨᠠᠭᠠᠴᠢᠯᠠᠭ᠎ᠠ  ᠠᠴᠠ ᠪᠠᠨ ᠮᠡᠳᠡᠭᠳᠡᠵᠦ᠂ ᠠᠵᠢᠯᠲᠠᠨ ᠤ ᠭᠡᠷ ᠲᠤᠨᠢ ᠬᠦᠷᠴᠦ ᠥᠯᠢᠭᠡᠷ ᠠᠪᠬᠤ ᠶᠢ ᠬᠦᠯᠢᠶᠡᠬᠦ ᠬᠡᠷᠡᠭᠲᠡᠢ᠃     ᠭᠤᠷᠪᠠ᠂ ᠪᠥᠭᠡᠮ ᠬᠦᠴᠢᠯ ᠤᠨ ᠥᠯᠢᠭᠡᠷ ᠠᠪᠬᠤ ᠶᠠᠪᠤᠴᠠ ᠳᠤ ᠪᠥᠬᠦ ᠶᠠᠪᠤᠴᠠ ᠳᠤ ᠠᠮᠠᠪᠴᠢ ᠵᠡᠭᠦᠵᠦ᠂ ᠪᠤᠰᠤᠳ ᠬᠥᠮᠥᠨ ᠲᠠᠢ 1 ᠮᠧᠲᠷ ᠠᠴᠠ ᠳᠡᠭᠡᠭᠰᠢ ᠵᠠᠢ ᠲᠠᠢ ᠪᠠᠶᠢᠯᠭᠠᠬᠤ ᠬᠡᠷᠡᠭᠲᠡᠢ᠂ 14 ᠨᠠᠰᠤ ᠬᠦᠷᠦᠭᠡᠳᠦᠢ ᠪᠤᠶᠤ ᠡᠪᠡᠳᠴᠢᠨ ᠲᠠᠢ ᠬᠥᠮᠥᠰ ᠲᠤ ᠬᠢᠨᠠᠨ ᠬᠠᠮᠠᠭᠠᠯᠠᠭᠴᠢ ᠨᠢ ᠪᠠᠷ᠎ᠠ ᠪᠣᠯᠬᠤ ᠬᠡᠷᠡᠭᠲᠡᠢ᠃ ᠵᠢᠭᠰᠠᠭᠠᠯ ᠳᠤ ᠣᠷᠣᠬᠤ ᠦᠭᠡᠢ᠂ ᠶᠠᠷᠢᠯᠴᠠᠬᠤ ᠦᠭᠡᠢ᠂ ᠴᠤᠭᠯᠠᠬᠤ ᠦᠭᠡᠢ᠂ ᠦᠯᠢᠭᠡᠷ ᠠᠪᠴᠤ ᠪᠠᠷᠠᠭᠰᠠᠨ ᠤ ᠳᠠᠷᠠᠭ᠎ᠠ ᠦᠯᠢᠭᠡᠷ ᠠᠪᠬᠤ ᠴᠡᠭ ᠠᠴᠠ ᠪᠠᠨ ᠳᠠᠷᠤᠶᠢᠬᠠᠨ ᠰᠠᠯᠵᠤ ᠶᠠᠪᠤᠨ᠎ᠠ᠃     ᠳᠥᠷᠪᠡ᠂ 48 ᠴᠠᠭ ᠤᠨ ᠳᠣᠲᠣᠷ᠎ᠠ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠬᠥᠮᠥᠰ ᠰᠠᠨᠠᠭᠠᠴᠢᠯᠠᠭ᠎ᠠ  ᠠᠴᠠ ᠪᠠᠨ ᠠᠵᠢᠯᠲᠠᠳ ᠲᠠᠭᠠᠨ ᠲᠠᠷᠢᠯᠭ᠎ᠠ ᠬᠢᠭᠰᠡᠨ ᠭᠡᠷᠡᠴᠢ ᠪᠠᠨ ᠦᠵᠡᠭᠦᠯᠬᠦ ᠬᠡᠷᠡᠭᠲᠡᠢ᠂ ᠲᠣᠰ ᠡᠭᠡᠯᠵᠢ ᠶᠢᠨ ᠪᠥᠭᠡᠮ ᠬᠦᠴᠢᠯ ᠤᠨ ᠥᠯᠢᠭᠡᠷ ᠠᠪᠬᠤ ᠳᠤ ᠣᠷᠣᠯᠴᠠᠵᠤ ᠪᠣᠯᠬᠤ ᠦᠭᠡᠢ︔ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠥᠰ ᠡᠷᠬᠡᠪᠰᠢ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠨ᠎ᠡ᠂ ᠲᠤᠰ ᠡᠭᠡᠯᠵᠢ ᠶᠢᠨ ᠪᠥᠭᠡᠮ ᠬᠦᠴᠢᠯ ᠤᠨ ᠦᠯᠢᠭᠡᠷ ᠠᠪᠬᠤ ᠳᠤ ᠣᠷᠣᠯᠴᠠᠵᠤ ᠪᠣᠯᠬᠤ ᠦᠭᠡᠢ᠃     ᠲᠠᠪᠤ᠂ ᠥᠷᠭᠡᠨ ᠣᠯᠠᠨ ᠮᠠᠯᠴᠢᠨ ᠲᠠᠷᠢᠶᠠᠴᠢᠨ ᠰᠢᠨᠵᠢᠯᠡᠬᠦ ᠤᠬᠠᠭᠠᠨᠴᠢ ᠪᠠᠷ ᠲᠠᠨᠢᠵᠤ᠂  ᠪᠦᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠢᠳᠡᠪᠬᠢᠲᠡᠢ ᠬᠠᠮᠵᠢᠯᠴᠠᠨ᠂ ᠱᠠᠭᠠᠷᠳᠠᠯᠭ᠎ᠠ ᠶᠣᠰᠣᠭᠠᠷ  ᠪᠦᠭᠡᠮ ᠶᠢᠨ ᠬᠦᠴᠢᠯ ᠢ ᠪᠠᠶᠢᠴᠠᠭᠠᠨ ᠰᠢᠯᠭᠠᠭᠰᠠᠨ ᠦᠭᠡᠢ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠦᠭᠰᠡᠨ᠂ ᠪᠠᠶᠢᠴᠠᠭᠠᠨ ᠰᠢᠯᠭᠠᠬᠤ ᠠᠵᠢᠯ ᠢ ᠬᠠᠷᠰᠢᠯᠠᠵᠤ ᠡᠪᠳᠡᠭᠰᠡᠨ ᠪᠠ ᠬᠠᠷᠰᠢᠯᠠᠭᠰᠠᠨ ᠬᠥᠮᠥᠰ ᠵᠢᠴᠢ ᠮᠠᠭᠤ ᠰᠠᠨᠠᠭ᠎ᠠ ᠲᠠᠢ ᠪᠠᠷ ᠴᠤᠤᠷᠬᠠᠯ ᠲᠠᠯᠪᠢᠵᠤ᠂ ᠦᠨᠡᠨ ᠪᠣᠳᠠᠲᠠᠢ ᠪᠤᠰᠤ ᠬᠡᠷᠡᠯ ᠵᠢᠷᠤᠭ᠂ ᠸᠢᠳᠢᠤ᠋ ᠪᠠ ᠦᠭᠡ ᠶᠠᠷᠢᠶ᠎ᠠ ᠶᠢ ᠤᠯᠠᠮᠵᠢᠯᠠᠨ ᠲᠠᠷᠬᠠᠭᠠᠵᠤ᠂ ᠬᠦᠨᠳᠦ ᠨᠣᠴᠢᠲᠠᠢ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃     ᠵᠢᠷᠭᠤᠭ᠎ᠠ᠂ ᠥᠷᠭᠡᠨ ᠣᠯᠠᠨ ᠮᠠᠯᠴᠢᠨ ᠲᠠᠷᠢᠶᠠᠴᠢᠨ ᠤ ᠬᠦᠴᠦᠲᠡᠢ ᠳᠡᠮᠵᠢᠯᠭᠡ ᠪᠠ ᠢᠳᠡᠪᠬᠢᠲᠡᠢ ᠬᠠᠮᠵᠢᠯᠴᠠᠭ᠎ᠠ ᠶᠢᠨ ᠳᠣᠣᠷ᠎ᠠ᠂ ᠪᠠᠭ᠎ᠠ  ᠰᠢᠭᠡᠲᠡᠢ ᠪᠠᠯᠭᠠᠰᠤ᠂  ᠪᠠᠶᠠᠨᠬᠤᠸᠠ ᠪᠠᠯᠭᠠᠰᠤ᠂ ᠮᠢᠩ ᠠᠨ ᠪᠠᠯᠭᠠᠰᠤ᠂ ᠰᠠᠭᠠᠳᠠᠭ ᠰᠤᠮᠤ᠂ ᠰᠢᠶᠠᠨ ᠹᠧᠩ ᠪᠠᠯᠭᠠᠰᠤ ︵ᠤᠤᠯ ᠤᠨ ᠾᠧᠢ ᠯᠢᠦ ᠽᠢ ᠰᠢᠶᠠᠩ︶᠂ ᠵᠥᠩ ᠲᠠᠨ ᠲᠠᠷᠢᠶᠠᠯᠠᠩ ᠤᠨ ᠲᠠᠯᠠᠪᠠᠶ᠂ ᠶᠡᠭᠡ  ᠰᠢᠭᠡᠲᠡᠢ ᠮᠠᠯᠵᠢᠯ ᠤᠨ ᠲᠠᠯᠠᠪᠠᠶ ᠵᠡᠷᠭᠡ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠩᠬᠠᠨ ᠤ ᠡᠭᠡᠯᠵᠢ ᠶᠢᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠪᠡ᠃ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠣᠰ ᠡᠭᠡᠯᠵᠢ ᠶᠢᠨ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠠᠮᠲᠤ ᠪᠠᠷ ᠪᠡᠶᠡᠯᠡᠭᠦᠯᠦᠶ᠎ᠡ᠃     ᠳᠣᠯᠤᠭ᠎ᠠ᠂ ᠣᠶᠢᠷ᠎ᠠ ᠶᠢᠨ ᠬᠤᠭᠤᠴᠠᠭᠠᠨ ᠳᠤ ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠥᠷᠭᠡᠨ ᠣᠯᠠᠨ ᠮᠠᠯᠴᠢᠨ ᠲᠠᠷᠢᠶᠠᠴᠢᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢᠨ ᠬᠠᠮᠲᠤ᠂ ᠬᠦᠢᠲᠡᠨ ᠠᠴᠠ ᠰᠡᠷᠭᠡᠶᠢᠯᠡᠬᠦ ᠬᠤᠪᠴᠠᠰᠤ ᠪᠠᠨ ᠡᠮᠦᠰᠴᠦ᠂  ᠳᠤᠯᠠᠭᠠᠯᠠᠬᠤ ᠶᠢ ᠠᠩᠬᠠᠷᠴᠤ᠂ ᠲᠤᠬᠠᠢ ᠶᠢᠨ ᠲᠠᠯᠠᠪᠤᠷ ᠤᠨ ᠠᠵᠢᠯᠲᠠᠨ ᠤ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠃     ᠨᠠᠢᠮᠠ᠂ ᠬᠡᠷᠪᠡ ᠮᠠᠳᠠᠭ ᠲᠠᠢ ᠪᠣᠯ ᠬᠠᠷᠢᠶ᠎ᠠ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠢ ᠲᠠᠢ ᠬᠠᠷᠢᠯᠴᠠᠭᠠᠷᠠᠢ᠃ᠮᠤᠨᠠ ᠠᠭᠤᠯᠠ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13847842083ᠰᠢᠶᠠᠨ ᠹᠧᠩ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13947847111ᠪᠠᠶᠠᠨᠬᠤᠸᠠ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 15044878930ᠡᠷᠳᠡᠨᠢᠪᠤᠯᠠᠭ ᠰᠤᠮᠤ ᠶᠢᠨ ᠠᠰᠠᠭᠤᠨ ᠯᠠᠪᠯᠠᠬᠤ ᠤᠲᠠᠰᠤ᠄ 13947824297ᠰᠢᠨ ᠠᠨ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 15044848084ᠰᠢ ᠰᠢᠶᠣᠣ ᠵᠣᠣ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 15694782579ᠮᠢᠩ ᠠᠨ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13947832689ᠶᠡᠭᠡ  ᠰᠢᠭᠡᠲᠡᠢ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13947852258ᠪᠠᠭ᠎ᠠ ᠰᠢᠭᠡᠲᠡᠢ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13789689556ᠰᠤᠳᠠᠯ ᠤᠨ ᠬᠤᠳᠳᠤᠭ ᠪᠠᠯᠭᠠᠰᠤᠨ ᠤ ᠠᠰᠠᠭᠤᠨ ᠯᠠᠪᠯᠠᠬᠤ ᠤᠲᠠᠰᠤ᠄ 13848581454ᠰᠠᠭᠠᠳᠠᠭ ᠰᠤᠮᠤ ᠶᠢᠨ ᠠᠰᠠᠭᠤᠨ ᠯᠠᠪᠯᠠᠬᠤ ᠤᠲᠠᠰᠤ᠄ 13948941653ᠰᠢᠨ ᠠᠨ ᠲᠠᠷᠢᠶᠠᠯᠠᠩ ᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 13789680332ᠵᠥᠩ ᠲᠠᠨ ᠲᠠᠷᠢᠶᠠᠯᠠᠩ ᠤᠨ ᠲᠠᠯᠠᠪᠠᠶ ᠶᠢᠨ ᠠᠰᠠᠭᠤᠨ ᠯᠠᠪᠯᠠᠬᠤ ᠤᠲᠠᠰᠤ᠄ 18647829237ᠰᠤᠳᠠᠯ ᠤᠨ ᠬᠤᠤᠳᠤᠭ ᠲᠠᠷᠢᠶᠠᠯᠠᠩ ᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 15849856668ᠰᠢ ᠱᠠᠨ ᠽᠦᠢ ᠲᠠᠷᠢᠶᠠᠯᠠᠩ ᠤᠨ ᠲᠠᠯᠠᠪᠠᠶ ᠶᠢᠨ ᠠᠰᠠᠭᠤᠨ ᠯᠠᠪᠯᠠᠬᠤ ᠤᠲᠠᠰᠤ᠄ 13847883597ᠶᠡᠭᠡ ᠰᠢᠭᠡᠲᠡᠢ ᠮᠠᠯᠵᠢᠯ ᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 13847852600ᠤᠯᠠᠭᠠᠨᠰᠤᠬᠠᠢ ᠵᠢᠭᠠᠰᠤᠨ ᠲᠠᠯᠠᠪᠠᠢ ᠶᠢᠨ ᠠᠰᠠᠭᠤᠨ ᠯᠠᠪᠯᠠᠬᠤ ᠤᠲᠠᠰᠤ᠄ 15148828036                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                 2022 ᠣᠨ ᠤ 2 ᠰᠠᠷ᠎ᠠ ᠶᠢᠨ 24         ᠤᠷᠠᠳ ᠰᠢᠨ᠎ᠡ ᠠᠭᠤᠰᠬᠢᠨ ᠦᠷᠪᠢᠰᠦᠯ ᠢ ᠰᠡᠷᠭᠡᠶᠢᠯᠡᠨ ᠵᠢᠯᠤᠭᠤᠳᠬᠤ〔2022〕33 ᠳ᠋ᠤᠭᠠᠷ ᠲᠣᠭᠠᠲᠤ︽ᠤᠷᠠᠳ ᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠠᠯᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ᠂ ᠬᠤᠰᠢᠭᠤᠨ  ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠡ ᠳᠤ᠄     ᠡᠳᠦᠭᠡ ︽ᠤᠷᠠᠳ ᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠲᠤᠭᠠᠢ᠃                              ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                               2022 ᠣᠨ ᠤ 3 ᠰᠠᠷ᠎ᠠ ᠶᠢᠨ 15       ᠣᠶᠢᠷ᠎ᠠ ᠶᠢᠨ ᠬᠤᠭᠤᠴᠠᠭᠠᠨ ᠳᠤ ᠮᠠᠨ ᠤ ᠤᠯᠤᠰ ᠲᠤ ᠬᠢᠵᠢᠭ ᠤᠨ ᠪᠠᠶᠢᠳᠠᠯ ᠣᠯᠠᠨᠲᠠ ᠡᠭᠦᠰᠴᠦ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ ᠤᠨ ᠲᠤᠭ᠎ᠠ ᠨᠡᠮᠡᠭᠳᠡᠬᠦ ᠬᠠᠨᠳᠤᠰᠢ ᠲᠠᠢ ᠪᠣᠯᠵᠤ᠂ ᠰᠡᠷᠭᠡᠶᠢᠯᠡᠨ ᠡᠵᠡᠮᠳᠡᠬᠦ ᠪᠠᠶᠢᠳᠠᠯ ᠤᠯᠠᠮ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠣᠷᠣᠭᠤᠯᠬᠤ ᠲᠦᠭᠰᠢᠭᠦᠷᠢ ᠶᠢ ᠦᠨᠡᠨ ᠬᠦ ᠪᠠᠭᠠᠰᠬᠠᠨ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠵᠤᠭᠠᠴᠠᠨ ᠰᠠᠭᠤᠭᠰᠠᠨ ᠲᠡᠦᠬᠡ ᠲᠠᠢ ᠬᠥᠮᠥᠰ ᠲᠤ ᠴᠥᠮ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠵᠤᠭᠠᠴᠠᠨ ᠰᠠᠭᠤᠭᠰᠠᠨ ᠲᠡᠦᠬᠡ ᠶᠢᠨ ᠬᠥᠮᠥᠰ ᠲᠤ ᠴᠥᠮ ︽14 ᠡᠳᠦᠷ ᠤᠨ ᠭᠡᠷ ᠪᠦᠯᠢ ᠶᠢᠨ ᠲᠤᠰᠠᠭᠠᠷᠯᠠᠯ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠡᠷ ᠪᠦᠯᠢ ᠶᠢᠨ ᠲᠤᠰᠠᠭᠠᠷᠯᠠᠯ ᠤᠨ ᠨᠥᠬᠦᠴᠡᠯ ᠳᠤ ᠨᠡᠶᠢᠴᠡᠬᠦ ᠦᠭᠡᠢ ᠶᠢ ᠨᠢ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠦᠨ᠎ᠡ᠃     ᠬᠤᠶᠠᠷ᠂ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠥᠭᠡᠳ ᠨᠢᠭᠡᠳᠦᠭᠡᠷ ᠬᠢᠯᠢ ᠳᠤ ᠣᠷᠣᠵᠤ ᠢᠷᠡᠬᠦ ᠴᠡᠭ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠮᠠᠨ ᠤ ᠬᠤᠰᠢᠭᠤᠨ ᠤ ᠬᠥᠮᠥᠰ ᠡᠷᠬᠡᠪᠰᠢ 3 ᠡᠳᠦᠷ ᠤᠨ ᠡᠮᠦᠨ᠎ᠡ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠵᠤ᠂ ᠴᠥᠮ ︽7 ᠡᠳᠦᠷ ᠤᠨ ᠭᠡᠷ ᠪᠦᠯᠢ ᠶᠢᠨ ᠲᠤᠰᠠᠭᠠᠷᠯᠠᠯ + 7 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃     ᠭᠤᠷᠪᠠ᠂ ᠭᠢᠷᠢᠨ ᠮᠤᠵᠢ᠂ ᠱᠠᠨᠳᠦ᠋ᠩ ᠮᠤᠵᠢ᠂ ᠭᠤᠸᠠᠩᠳᠦ᠋ᠩ ᠮᠤᠵᠢ᠂ ᠾᠧᠪᠧᠢ ᠮᠤᠵᠢ᠂ ᠭᠠᠨᠰᠤ ᠮᠤᠵᠢ᠂ ᠱᠠᠨᠰᠢ ᠮᠤᠵᠢ᠂ ᠱᠠᠩᠬᠠᠢ ᠬᠤᠲᠠ᠂ ᠲᠢᠶᠠᠨᠵᠢᠨ ᠬᠤᠲᠠ ᠵᠡᠷᠭᠡ ᠭᠠᠵᠠᠷ  ᠠᠴᠠ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠠᠢ ᠭᠠᠵᠠᠷ ᠣᠷᠣᠨ ︵ᠮᠤᠵᠢ ᠨᠢ ᠲᠤᠰᠬᠠᠢ ᠣᠷᠣᠨ ᠤ ᠲᠠᠰ ᠤᠨ ᠬᠤᠲᠠ ᠪᠠᠷ ᠨᠢᠭᠡᠴᠢ ᠪᠣᠯᠭᠠᠨ᠂ ᠰᠢᠭᠤᠳ ᠬᠠᠷᠢᠶ᠎ᠠ ᠬᠤᠲᠠ︶᠂ ᠮᠠᠨ ᠤ ᠬᠤᠰᠢᠭᠤᠨ ᠤ ᠬᠥᠮᠥᠰ ︵ᠵᠠᠮ ᠥᠩᠭᠡᠷᠡᠬᠦ ᠪᠠᠭᠲᠠᠨ᠎ᠠ︶ ᠲᠤ ᠴᠥᠮ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ᠨᠢᠭᠡᠨᠲᠡ ᠪᠤᠴᠠᠵᠤ ᠢᠷᠡᠭᠰᠡᠨ ᠬᠥᠮᠥᠰ ᠲᠤ ︽ᠬᠠᠳᠠᠭᠠᠯᠠᠯᠲᠠ ᠶᠢᠨ ᠬᠡᠮᠵᠢᠶ᠎ᠡ ᠶᠢ ᠳᠣᠣᠷ᠎ᠠ ᠲᠠᠯ᠎ᠠ ᠳᠤ ᠪᠠᠶᠢᠯᠭᠠᠬᠤ︾ ᠪᠠ ︽ᠨᠥᠬᠦᠵᠦ ᠭᠦᠢᠴᠡᠭᠡᠬᠦ︾ ᠵᠠᠷᠴᠢᠮ ︵ᠪᠤᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ︶ ᠶᠣᠰᠣᠭᠠᠷ᠂ ᠪᠦᠬᠦᠯᠢ 14 ᠡᠳᠦᠷ ᠪᠣᠯᠲᠠᠯ᠎ᠠ ᠬᠠᠮᠢᠶᠠᠷᠤᠨ ᠡᠵᠡᠮᠳᠡᠨ᠎ᠡ      ᠳᠥᠷᠪᠡ᠂ ᠠᠶᠠᠯᠠᠯ ᠤᠨ ᠺᠣᠳ᠋ ᠤᠨ ᠪᠦᠰᠡ ᠶᠢᠨ ᠣᠳᠣᠨ ᠲᠡᠮᠳᠡᠭ ᠲᠠᠢ ᠪᠤᠶᠤ 1 ᠠᠴᠠ ᠳᠡᠭᠡᠭᠰᠢ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ᠂ ᠰᠢᠭᠤᠳ ᠬᠠᠷᠢᠶ᠎ᠠ ᠬᠤᠲᠠ ᠶᠢᠨ ᠵᠡᠭᠡᠯᠢ ᠭᠤᠳᠤᠮᠵᠢ᠂ ᠰᠢᠶᠠᠩ ᠪᠠᠯᠭᠠᠰᠤ︶   ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠬᠤᠰᠢᠭᠤᠨ ᠤ ᠬᠥᠮᠥᠰ ︵ᠭᠤᠷᠪᠠᠳᠤᠭᠠᠷ ᠵᠦᠢᠯ ᠳᠤ ᠬᠤᠯᠪᠣᠭᠳᠠᠬᠤ ᠭᠠᠵᠠᠷ ᠣᠷᠣᠨ ᠢ ᠪᠠᠭᠲᠠᠭᠠᠬᠤ ᠦᠭᠡᠢ︶ ᠲᠤ ᠴᠥᠮ ︽7 ᠡᠳᠦᠷ ᠤᠨ ᠭᠡᠷ ᠪᠦᠯᠢ ᠶᠢᠨ ᠲᠤᠰᠠᠭᠠᠷᠯᠠᠯ + 7 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠨᠢᠭᠡᠨᠲᠡ ᠪᠤᠴᠠᠵᠤ ᠢᠷᠡᠭᠰᠡᠨ ᠬᠥᠮᠥᠰ ᠲᠤ ︽ᠬᠠᠳᠠᠭᠠᠯᠠᠯᠲᠠ ᠶᠢᠨ ᠬᠡᠮᠵᠢᠶ᠎ᠡ ᠶᠢ ᠳᠣᠣᠷ᠎ᠠ ᠲᠠᠯ᠎ᠠ ᠳᠤ ᠪᠠᠶᠢᠯᠭᠠᠬᠤ︾ ᠪᠠ ︽ᠨᠥᠬᠦᠵᠦ ᠭᠦᠢᠴᠡᠭᠡᠬᠦ︾ ᠵᠠᠷᠴᠢᠮ ︵ᠪᠤᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ︶ ᠶᠣᠰᠣᠭᠠᠷ᠂ ᠪᠦᠬᠦᠯᠢ 14 ᠡᠳᠦᠷ ᠪᠣᠯᠲᠠᠯ᠎ᠠ ᠬᠠᠮᠢᠶᠠᠷᠤᠨ ᠡᠵᠡᠮᠳᠡᠨ᠎ᠡ᠃     ᠲᠠᠪᠤ᠂ ᠲᠣᠰ ᠡᠳᠦᠷ ᠠᠴᠠ ᠡᠬᠢᠯᠡᠨ᠂ ᠣᠷᠳᠣᠰ ᠬᠤᠲᠠ ᠵᠢᠴᠢ ᠯᠦ ᠵᠢᠩ ᠯᠠᠢ ︵ᠪᠤᠴᠠᠵᠤ ᠢᠷᠡᠭᠰᠡᠨ︶ ᠬᠤᠲᠠ ᠶᠢᠨ ᠠᠵᠢᠯᠲᠠᠨ ᠳᠤ ︽7 ᠡᠳᠦᠷ ᠤᠨ ᠭᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 7 ᠡᠳᠦᠷ ᠤᠨ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠠᠭᠢᠵᠤ ᠬᠡᠷᠡᠭᠵᠢᠭᠦᠯᠬᠦ ᠦᠭᠡᠢ᠃     ᠵᠢᠷᠭᠤᠭ᠎ᠠ᠂ ᠤᠯᠤᠰ ᠤᠨ ᠳᠣᠲᠣᠭᠠᠳᠤ ᠶᠢᠨ ᠲᠦᠭᠰᠢᠭᠦᠷᠢ ᠪᠠᠭᠠᠲᠠᠢ ᠭᠠᠵᠠᠷ ᠣᠷᠣᠨ ︵ᠲᠤᠰᠬᠠᠢ ᠣᠷᠣᠨ ᠬᠤᠲᠠ ᠶᠢᠨ ᠲᠠᠰ  ᠠᠴᠠ ᠳᠡᠭᠡᠭᠰᠢᠬᠢ ᠣᠷᠣᠨ ᠪᠦᠰᠡ ᠶᠢᠨ ᠪᠦᠬᠦᠯᠢ ᠴᠣᠭᠴᠠ ᠶᠢᠨ ᠲᠦᠭᠰᠢᠭᠦᠷᠢ ᠪᠠᠭᠠᠲᠠᠢ︶  ᠠᠴᠠ ᠮᠠᠨ ᠤ ᠬᠤᠰᠢᠭᠤᠨ ᠤ ᠬᠥᠮᠥᠰ ︵ᠮᠠᠨ ᠤ ᠬᠤᠰᠢᠭᠤᠨ ᠤ ᠭᠠᠳᠠᠭᠰᠢ ᠭᠠᠷᠴᠤ ᠪᠤᠴᠠᠵᠤ ᠢᠷᠡᠭᠰᠡᠨ ᠬᠥᠮᠥᠰ ᠪᠠᠭᠲᠠᠨ᠎ᠠ︶ ᠲᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ 24 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠴᠢᠩᠭ᠎ᠠ ᠪᠠᠶᠢᠴᠠᠭᠠᠨ ᠰᠢᠯᠭᠠᠵᠤ᠂ ᠮᠠᠨ ᠤ ᠬᠤᠰᠢᠭᠤᠨ ᠳᠤ ᠣᠷᠣᠭᠰᠠᠨ ᠤ ᠳᠠᠷᠠᠭ᠎ᠠ ᠲᠡᠷᠡ ᠳᠠᠷᠤᠢ ᠳᠤᠨᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠲᠠᠢ ᠪᠣᠯᠤᠭᠰᠠᠨ ᠤ ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠣᠨ᠎ᠠ ᠃ᠮᠠᠨ ᠤ ᠬᠤᠰᠢᠭᠤᠨ ᠳᠤ ᠣᠷᠣᠬᠤ ᠳᠠᠭᠠᠨ 24 ᠴᠠᠭ ᠤᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠣᠯ ᠬᠤᠰᠢᠭᠤᠨ ᠳᠤ ᠠᠩᠬ᠎ᠠ ᠣᠷᠣᠭᠰᠠᠨ ᠭᠠᠵᠠᠷ ᠲᠤ ᠲᠤᠰᠠᠭᠠᠷᠯᠠᠨ᠎ᠠ᠃     ᠳᠣᠯᠤᠭ᠎ᠠ᠂ ᠮᠠᠨ ᠤ ᠬᠤᠰᠢᠭᠤᠨ ᠳᠤ ᠣᠷᠣᠬᠤ ᠪᠠᠷ ᠪᠡᠯᠡᠳᠬᠡᠵᠦ ᠪᠠᠶᠢᠭ᠎ᠠ ᠬᠥᠮᠥᠰ ︵ᠮᠠᠨ ᠤ ᠬᠤᠰᠢᠭᠤᠨ ᠤ ᠭᠠᠳᠠᠭᠰᠢ ᠭᠠᠷᠴᠤ ᠪᠤᠴᠠᠵᠤ ᠢᠷᠡᠭᠰᠡᠨ ᠬᠥᠮᠥᠰ ᠢ ᠪᠠᠭᠲᠠᠭᠠᠨ᠎ᠠ︶ ᠪᠦᠬᠦᠨ ᠡᠷᠬᠡᠪᠰᠢ 3 ᠡᠳᠦᠷ ᠤᠨ ᠡᠮᠦᠨ᠎ᠡ ︽ᠢᠷᠡᠬᠦ ︵ᠪᠤᠴᠠᠬᠤ︶ ᠤᠷᠠᠳ ᠤᠨ ᠡᠮᠦᠨᠡᠲᠦ ᠬᠤᠰᠢᠭᠤᠨ ᠤ ᠬᠥᠮᠥᠰ ᠤᠨ ᠳᠠᠩᠰᠠᠯᠠᠯᠲᠠ ᠶᠢᠨ ᠬᠤᠶᠠᠷ ᠬᠡᠮᠵᠢᠯᠲᠦ ᠲᠡᠮᠳᠡᠭ︾ ᠢ ᠰᠢᠷᠪᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠶᠢᠨ ᠬᠠᠮᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ︔ᠡᠭᠦᠨ ᠤ ᠬᠠᠮᠲᠤ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠣᠨ ᠨᠢᠭᠡᠴᠡ᠂ ᠵᠣᠴᠢᠳ ᠤᠨ ᠪᠠᠭᠤᠳᠠᠯ ᠪᠠᠭᠤᠳᠠᠯ ᠳᠤ ᠳ᠋ᠢᠶᠠᠩᠬᠤᠸᠠ ᠵᠡᠷᠭᠡ ᠬᠡᠯᠪᠡᠷᠢ ᠪᠠᠷ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ᠬᠡᠷᠪᠡ ᠮᠡᠳᠡᠭᠦᠯᠦᠨ ᠳᠠᠩᠰᠠᠯᠠᠭᠤᠯᠤᠭᠰᠠᠨ ᠦᠭᠡᠢ ᠪᠠᠶᠢᠪᠠᠯ᠂ ᠪᠠᠶᠢᠳᠠᠯ ᠢ  ᠨᠢ ᠦᠵᠡᠵᠦ ᠪᠠᠶᠢᠭᠠᠳ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃     ᠨᠠᠢᠮᠠ᠂ ︽ᠬᠤᠶᠠᠷ ᠥᠷᠲᠡᠭᠡ ᠨᠢᠭᠡ ᠲᠠᠯᠠᠪᠤᠷ︾᠂ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ᠂ ᠦᠢᠯᠡᠴᠢᠯᠡᠭᠡᠨ ᠤ ᠲᠣᠭᠤᠷᠢᠭ ᠂ ᠵᠠᠰᠠᠮᠠᠯ ᠵᠠᠮ ᠳᠠᠭᠠᠤ ᠶᠢᠨ ᠦᠢᠯᠡᠴᠢᠯᠡᠭᠡᠨ ᠤ ᠲᠠᠯᠠᠪᠤᠷ ᠨᠢ ᠲᠣᠭᠲᠠᠭᠠᠯ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠵᠤ ᠭᠠᠷᠬᠤ ᠬᠥᠮᠥᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ 24 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠴᠢᠩᠭ᠎ᠠ ᠪᠠᠶᠢᠴᠠᠭᠠᠨ ᠰᠢᠯᠭᠠᠬᠤ ᠬᠡᠷᠡᠭᠲᠡᠢ᠃     ᠶᠢᠰᠦ᠂ ᠬᠢᠵᠢᠭ  ᠤᠨ ᠪᠠᠶᠢᠳᠠᠯ  ᠤᠨ ᠬᠤᠭᠤᠴᠠᠭᠠᠨ ᠲᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ᠨᠠᠰᠢ ᠴᠠᠰᠢ ᠶᠠᠪᠤᠬᠤ ᠪᠤᠶᠤ ᠮᠠᠨ ᠤ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠣᠳᠠᠰ ᠵᠢᠴᠢ ᠰᠢᠤᠳᠠᠨ ᠤ ᠲᠦᠷᠭᠡᠨ ᠬᠦᠷᠭᠡᠯᠲᠡ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠤᠨ ᠵᠢᠯᠣᠭᠤᠴᠢ ᠰᠠᠭᠤᠳᠠᠯ ᠤᠨ ᠠᠵᠢᠯᠲᠠᠨ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠣᠯᠣᠨ 48 ᠴᠠᠭ ᠤᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠦᠬᠦᠨ ᠢ ᠪᠠᠶᠢᠴᠠᠭᠠᠨ ᠰᠢᠯᠭᠠᠵᠤ᠂ ᠮᠠᠨ ᠤ ᠬᠤᠰᠢᠭᠤᠨ ᠳᠤ ᠣᠷᠣᠭᠰᠠᠨ ᠤ ᠳᠠᠷᠠᠭ᠎ᠠ ᠲᠡᠷᠡ ᠳᠠᠷᠤᠢ ᠳᠤᠨᠢ ᠨᠢᠭᠡ ᠤᠳᠠᠭᠠᠨ ᠤ  ᠪᠦᠭᠡᠮ  ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ᠂ ᠬᠤᠪᠢ ᠬᠥᠮᠥᠨ ᠤ ᠬᠠᠮᠠᠭᠠᠯᠠᠯᠲᠠ ᠪᠣᠯᠣᠨ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠥᠷᠨᠢᠭᠦᠯᠦᠨ᠎ᠡ᠃     ᠠᠷᠪᠠ᠂ ᠪᠠᠶᠠᠨᠨᠠᠭᠤᠷ ᠬᠤᠲᠠ ᠶᠢᠨ ᠭᠠᠳᠠᠨ᠎ᠠ  ᠠᠴᠠ ᠬᠤᠳᠠᠯᠳᠤᠨ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠪᠦᠬᠦᠨ ᠳᠤ ᠡᠷᠬᠡᠪᠰᠢ 24 ᠴᠠᠭ ᠢᠶᠠᠷ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠦᠢᠲᠡᠨ ᠬᠡᠯᠬᠢᠶᠡᠲᠦ ᠢᠳᠡᠭᠡᠨ ᠡᠵᠡᠩᠨᠡᠬᠦ ᠡᠷᠦᠬᠡ ᠨᠦᠭᠦᠳ ︽ᠭᠤᠷᠪᠠᠨ ᠲᠤᠰᠬᠠᠢ ᠮᠡᠷᠭᠡᠵᠢᠯ︾ ᠂ ︽ᠭᠤᠷᠪᠠᠨ ᠦᠨᠡᠮᠯᠡᠯ︾᠂ ︽ᠳᠥᠷᠪᠡᠨ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂  ᠪᠦᠭᠡᠮ ᠬᠦᠴᠢᠯ ᠢ ᠪᠠᠶᠢᠴᠠᠭᠠᠨ ᠰᠢᠯᠭᠠᠵᠤ᠂ ᠠᠷᠢᠭᠤᠳᠬᠠᠨ ᠠᠷᠢᠯᠭᠠᠬᠤ ᠬᠡᠷᠡᠭᠲᠡᠢ᠃ ᠰᠢᠤᠳᠠᠨ ᠤ ᠲᠦᠷᠭᠡᠨ ᠬᠦᠷᠭᠡᠯᠲᠡ ᠶᠢᠨ ᠡᠳ᠋ ᠪᠣᠳᠠᠰ ᠢ ᠴᠥᠮ ᠪᠠᠶᠢᠴᠠᠭᠠᠨ  ᠠᠷᠢᠭᠤᠳᠬᠠᠭᠰᠠᠨ ᠤ ᠳᠠᠷᠠᠭ᠎ᠠ ᠡᠳ᠋ ᠪᠣᠳᠠᠰ ᠢ ᠭᠠᠷᠭᠠᠨ ᠠᠪᠬᠤ ᠶᠢ ᠬᠡᠷᠡᠭᠵᠢᠭᠦᠯᠦᠨ᠎ᠡ᠃     ᠠᠷᠪᠠᠨ ᠨᠢᠭᠡ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠨᠤᠭᠤᠳ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠨᠢᠭᠡ ᠤᠳᠠᠭᠠᠨ ᠤ ︽ᠡᠭᠦᠳᠡ ᠲᠣᠭᠰᠢᠬᠤ ᠠᠵᠢᠯᠯᠠᠭ᠎ᠠ︾ ᠶᠢ ᠳᠠᠷᠤᠶᠢᠬᠠᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ ᠠᠵᠢᠯᠲᠠᠨ ᠤ ᠰᠠᠭᠤᠷᠢ ᠲᠤᠭ᠎ᠠ ᠶᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ︔ᠭᠤᠣᠯᠳᠠᠯᠭ᠎ᠠ ᠲᠠᠢ ᠠᠵᠢᠯᠲᠠᠨ ᠤ ᠬᠥᠮᠥᠨ ᠤ ᠲᠤᠭ᠎ᠠ ᠶᠢ ᠲᠣᠳᠣᠷᠬᠠᠢ ᠪᠣᠯᠭᠠᠵᠤ᠂ ᠬᠥᠮᠥᠨ ᠤ ᠲᠤᠭ᠎ᠠ ᠶᠢ ᠲᠣᠳᠣᠷᠬᠠᠢ ᠪᠣᠯᠭᠠᠵᠤ᠂ ᠣᠷᠣᠨ ᠪᠠᠶᠢᠷᠢ ᠶᠢ ᠲᠣᠳᠣᠷᠬᠠᠢ ᠪᠣᠯᠭᠠᠵᠤ᠂ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠲᠣᠳᠣᠷᠬᠠᠢ ᠪᠣᠯᠭᠠᠬᠤ ᠬᠡᠷᠡᠭᠲᠡᠢ︔ᠵᠢᠭᠰᠠᠭᠠᠨ ᠪᠠᠶᠢᠴᠠᠭᠠᠵᠤ ᠭᠠᠷᠭᠠᠭᠰᠠᠨ ᠬᠤᠯᠪᠣᠭᠳᠠᠯ ᠪᠦᠬᠦᠢ ᠬᠥᠮᠥᠰ ᠲᠤ ᠲᠤᠰ ᠵᠠᠷᠯᠠᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠤᠭ᠎ᠠ ᠪᠠᠷᠢᠮᠲᠠ ᠶᠢ ᠪᠦᠷᠢᠳᠬᠡᠵᠦ ᠳᠡᠭᠡᠭᠰᠢ ᠮᠡᠳᠡᠭᠦᠯᠬᠦ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠮᠣ ᠲᠤᠭ᠎ᠠ ᠪᠠᠷᠢᠮᠲᠠ ᠶᠢᠨ ᠲᠠᠪᠴᠠᠩ ᠳᠤ ᠴᠠᠭ ᠲᠤᠬᠠᠢ ᠳᠤᠨᠢ ᠣᠷᠣᠭᠤᠯᠵᠤ᠂ ᠡᠳᠦᠷ ᠪᠦᠷᠢ 17 ᠴᠠᠭ ᠠᠴᠠ ᠡᠮᠦᠨ᠎ᠡ ᠬᠤᠰᠢᠭᠤᠨ ᠤ ᠵᠢᠯᠤᠭᠤᠳᠬᠤ ᠭᠠᠵᠠᠷ ᠲᠤ ᠮᠡᠳᠡᠭᠦᠯᠬᠦ ᠬᠡᠷᠡᠭᠲᠡᠢ᠃     ᠠᠷᠪᠠᠨ ᠬᠤᠶᠠᠷ᠂ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠴᠤᠭᠯᠠᠷᠠᠯ ᠤᠨ ᠴᠢᠨᠠᠷᠲᠠᠢ ᠠᠵᠢᠯᠯᠠᠭ᠎ᠠ ᠬᠢᠬᠦ ᠦᠭᠡᠢ᠂  ᠨᠠᠶᠢᠷ ᠬᠤᠷᠢᠮ ᠢ ᠬᠤᠶᠢᠰᠢᠯᠠᠭᠤᠯᠬᠤ᠂ ᠪᠡᠯᠪᠡᠰᠦᠷᠡᠯ ᠤᠨ ᠬᠡᠷᠡᠭ ᠢ ᠳᠥᠭᠦᠮᠴᠢᠯᠡᠬᠦ᠂ ᠳᠠᠶᠢᠯᠠᠯᠭ᠎ᠠ ᠶᠢ ᠬᠢᠬᠦ ᠦᠭᠡᠢ᠃ ᠮᠠᠨ ᠤ ᠬᠤᠰᠢᠭᠤᠨ ᠤ ᠬᠥᠮᠥᠰ ᠵᠠᠷᠴᠢᠮ ᠳᠡᠭᠡᠷ᠎ᠡ ᠪᠠᠨ 7 ᠡᠳᠦᠷ ᠤᠨ ᠳᠣᠲᠣᠷ᠎ᠠ ᠴᠤᠭᠯᠠᠬᠤ ᠦᠭᠡᠢ᠂ ᠬᠤᠭᠤᠯᠠᠯᠠᠬᠤ ᠦᠭᠡᠢ᠃ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠪᠠ ᠣᠯᠠᠨ ᠭᠠᠵᠠᠷ ᠲᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠣᠷᠴᠢᠨ ᠲᠣᠭᠤᠷᠢᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠤᠳᠠᠭ᠎ᠠ ᠶᠢ ᠨᠢᠭᠤᠴᠠᠯᠠᠨ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠦᠨ᠎ᠡ᠃     ᠠᠷᠪᠠᠨ ᠭᠤᠷᠪᠠ᠂ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠶ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯᠤᠭᠤᠳᠬᠤ ᠰᠢᠰᠲ᠋ᠧᠮᠵᠢ ᠶᠢ ᠥᠨᠳᠥᠷ ᠦᠷ᠎ᠡ ᠪᠦᠲᠦᠮᠵᠢᠲᠡᠶ ᠠᠵᠢᠯᠯᠠᠭᠤᠯᠵᠤ᠂ ᠬᠠᠪᠲᠠᠭᠠᠶᠢᠷᠠᠭᠤᠯᠤᠨ ᠵᠢᠯᠤᠭᠤᠳᠬᠤ ᠶᠢ ᠬᠡᠷᠡᠭᠵᠢᠭᠦᠯᠦᠨ᠂ ᠡᠩ ᠤᠨ ᠪᠠ ᠪᠠᠴᠢᠮ ᠪᠠᠶᠢᠳᠠᠯ ᠢ ᠬᠤᠪᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠦᠯᠵᠢᠶᠡᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠳᠣᠷᠣᠭᠰᠢ ᠪᠠᠭᠤᠯᠭᠠᠬᠤ ᠰᠦᠯᠵᠢᠶᠡᠨ ᠤ ᠺᠠᠳ᠋ᠷ ᠢ ᠨᠢᠭᠡᠳᠦᠯᠲᠡᠢ ᠲᠣᠬᠢᠷᠠᠭᠤᠯᠤᠨ᠂ ᠬᠠᠷᠢᠶ᠎ᠠ ᠣᠷᠣᠨ ᠤ ᠨᠢᠭᠡᠴᠡ᠂ ᠲᠣᠰᠬᠤᠨ ᠳᠤᠭᠤᠶᠢᠯᠠᠩ᠂ ᠨᠡᠶᠢᠭᠡᠮ ᠲᠣᠭᠤᠷᠢᠭ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠤᠴᠠᠵᠤ ᠢᠷᠡᠬᠦ ᠬᠥᠮᠥᠰ ᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠪᠥᠭᠡᠳ ᠲᠦᠷᠭᠡᠨ ᠨᠠᠶᠢᠳᠠᠪᠤᠷᠢᠵᠢᠭᠤᠯᠵᠤ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠲᠠᠰᠤᠯᠳᠠᠭᠤᠯᠬᠤ ᠶᠣᠰᠣᠲᠠᠢ ᠶᠢ ᠨᠢ ᠴᠥᠮ ᠰᠠᠯᠭᠠᠵᠤ᠂ ᠬᠠᠮᠢᠶᠠᠷᠬᠤ ᠶᠣᠰᠣᠲᠠᠢ ᠶᠢ ᠨᠢ ᠬᠠᠮᠢᠶᠠᠷᠬᠤ᠂ ᠮᠡᠳᠡᠭᠦᠯᠬᠦ ᠶᠣᠰᠣᠲᠠᠢ ᠶᠢ ᠨᠢ ᠴᠥᠮ ᠮᠡᠳᠡᠭᠦᠯᠬᠦ︾ ᠬᠡᠷᠡᠭᠲᠡᠢ᠃      ᠠᠷᠪᠠᠨ ᠳᠥᠷᠪᠡ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠬᠢᠵᠢᠭ ᠰᠡᠷᠭᠡᠶᠢᠯᠡᠬᠦ ᠶᠢ ᠬᠠᠮᠢᠶᠠᠷᠬᠤ︾᠂ ︽ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠣᠰ ᠠᠵᠢᠯ ᠲᠥᠷᠥᠯ᠂ ᠲᠣᠰ ᠬᠦᠷᠢᠶ᠎ᠡ ᠴᠠᠷᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠪᠠ ᠡᠮ ᠤᠨ ᠳᠡᠯᠭᠡᠭᠦᠷ᠂ ᠵᠣᠴᠢᠳ ᠤᠨ ᠪᠠᠭᠤᠳᠠᠯ ᠪᠠᠭᠤᠳᠠᠯ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠭᠠᠵᠠᠷ᠂ ᠨᠠᠰᠤᠵᠢᠯ ᠤᠨ ᠠᠰᠠᠷᠠᠮᠵᠢ ᠨᠢᠯᠬᠠᠰ ᠤᠨ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠬᠦᠷᠢᠶ᠎ᠡ ᠴᠠᠷᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠪᠣᠶ ᠪᠣᠯᠭᠠᠭᠰᠠᠨ ᠪᠠᠶᠢᠪᠠᠯ᠂ ᠬᠠᠤᠯᠢ ᠰᠠᠬᠢᠯᠭ᠎ᠠ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃     ᠠᠷᠪᠠᠨ ᠲᠠᠪᠤ᠂ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠨᠢᠭᠡᠴᠡ ᠶᠢᠨ ᠢᠶᠠᠨ ᠠᠵᠢᠯᠲᠠᠨ ᠪᠠ ᠲᠠᠯᠠᠪᠤᠷ ᠭᠠᠵᠠᠷ ᠤᠨ ᠣᠷᠣᠵᠤ ᠭᠠᠷᠬᠤ ᠶᠢ ᠬᠠᠮᠢᠶᠠᠷᠬᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ᠂ ᠳᠤᠯᠠᠭᠠᠨ ᠤ ᠬᠡᠮᠵᠢᠶ᠎ᠡ ᠶᠢᠨ ᠺᠣᠳ᠋ ᠪᠠᠶᠢᠴᠠᠭᠠᠬᠤ ᠪᠠ ᠣᠷᠴᠢᠨ ᠲᠣᠭᠤᠷᠢᠨ ᠢ ᠤᠰᠠᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ᠥᠨᠥᠳᠥᠷ ᠠᠴᠠ ᠡᠬᠢᠯᠡᠨ ᠵᠠᠷᠴᠢᠮ ᠳᠡᠭᠡᠷ᠎ᠡ ᠪᠠᠨ ᠵᠠᠬ᠎ᠠ ᠳᠡᠯᠭᠡᠭᠦᠷ ᠠᠴᠠ ᠰᠠᠯᠵᠤ ᠪᠣᠯᠬᠤ ᠦᠭᠡᠢ᠂ ᠤᠴᠢᠷ ᠲᠠᠢ ᠪᠣᠯ ᠭᠠᠳᠠᠭᠰᠢ ᠭᠠᠷᠬᠤ ᠳᠤ ᠡᠷᠬᠡᠪᠰᠢ ᠪᠠᠶᠢᠭ᠎ᠠ ᠨᠢᠭᠡᠴᠡ ᠪᠠ ᠬᠠᠷᠢᠶ᠎ᠠ ᠭᠠᠵᠠᠷ ᠤᠨ ᠵᠢᠯᠤᠭᠤᠳᠬᠤ ᠭᠠᠵᠠᠷ ᠲᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ᠨᠢᠭᠡᠴᠡ ᠶᠢᠨ ᠬᠠᠮᠢᠶᠠᠷᠤᠯᠲᠠ ᠪᠠᠨ ᠠᠯᠳᠠᠵᠤ ᠡᠵᠡᠮᠳᠡᠯ ᠢᠶᠠᠨ ᠠᠯᠳᠠᠭᠰᠠᠨ ᠠᠴᠠ ᠪᠣᠯᠵᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠪᠣᠶ ᠪᠣᠯᠭᠠᠭᠰᠠᠨ ᠪᠠᠶᠢᠪᠠᠯ᠂ ᠬᠠᠤᠯᠢ ᠰᠠᠬᠢᠯᠭ᠎ᠠ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃    ᠠᠷᠪᠠᠨ ᠵᠢᠷᠭᠤᠭ᠎ᠠ᠂ ᠭᠡᠷ ᠪᠦᠯᠢ ᠵᠢᠴᠢ ᠬᠤᠪᠢ ᠬᠥᠮᠥᠨ ᠤ ᠥᠪᠡᠷ ᠢ ᠪᠠᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ᠥᠷᠭᠡᠨ ᠣᠯᠠᠨ ᠲᠦᠮᠡᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠪᠠᠨ ᠰᠠᠶᠢᠲᠤᠷ ᠭᠦᠢᠴᠡᠳᠬᠡᠬᠦ ᠬᠡᠷᠡᠭᠲᠡᠢ᠂ ᠢᠯᠠᠩᠭᠤᠶ᠎ᠠ ᠸᠠᠺᠼᠢᠨ ᠤ ᠲᠠᠷᠢᠯᠭ᠎ᠠ ᠶᠢ ᠲᠦᠷᠭᠡᠳᠬᠡᠬᠦ ᠬᠡᠷᠡᠭᠲᠡᠢ ︵ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ︶︔ᠠᠮᠠᠪᠴᠢ ᠵᠡᠭᠦᠵᠦ ᠭᠠᠳᠠᠭᠰᠢ ᠭᠠᠷᠬᠤ ᠶᠢ ᠵᠢᠷᠤᠮᠵᠢᠭᠤᠯᠵᠤ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠴᠥᠭᠡᠨ ᠴᠤᠭᠯᠠᠷᠠᠬᠤ᠂ ᠣᠪᠣᠭᠠᠯᠠᠬᠤ ᠦᠭᠡᠢ ᠪᠠᠶᠢᠬᠤ᠂ ︽1 ᠮᠧᠲᠷ ᠤᠨ ᠱᠤᠭᠤᠮ︾ ᠤᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠬᠤᠪᠢ ᠬᠥᠮᠥᠨ ᠤ ᠡᠷᠡᠭᠦᠯ ᠴᠢᠭᠢᠷᠠᠭ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠬᠡᠷᠡᠭᠲᠡᠢ᠃ᠬᠢᠵᠢᠭ ᠢ ᠰᠡᠷᠭᠡᠶᠢᠯᠡᠬᠦ ᠠᠵᠢᠯ ᠳᠤ ᠬᠠᠮᠵᠢᠯᠴᠠᠬᠤ ᠶᠢ ᠲᠡᠪᠴᠢᠭᠰᠡᠨ᠂ ᠵᠢᠭᠤᠯᠴᠢᠯᠠᠨ ᠰᠠᠭᠤᠭᠰᠠᠨ ᠲᠡᠦᠬᠡ ᠪᠠ ᠣᠶᠢᠷᠠᠲᠤᠭᠰᠠᠨ ᠲᠡᠦᠬᠡ ᠪᠠᠨ ᠵᠣᠷᠢᠭᠤᠳᠠ ᠮᠡᠳᠡᠭᠦᠯᠬᠦ ᠦᠭᠡᠢ ᠪᠤᠶᠤ ᠮᠡᠳᠡᠭᠦᠯᠬᠦ ᠦᠭᠡᠢ ᠨᠢᠭᠤᠭᠰᠠᠨ ᠬᠥᠮᠥᠰ ᠠᠴᠠ ᠦᠶᠯᠡ ᠪᠠᠶᠢᠳᠠᠯ ᠢ ᠨᠢ ᠦᠵᠡᠵᠦ ᠪᠠᠶᠢᠭᠠᠳ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃     ᠲᠣᠰ ᠵᠠᠷᠯᠠᠯ ᠤᠨ ᠭᠦᠢᠴᠡᠳᠬᠡᠬᠦ ᠴᠠᠭ ᠢ ᠨᠡᠶᠢᠲᠡᠯᠡᠭᠰᠡᠨ ᠡᠳᠦᠷ ᠠᠴᠠ 2022 ᠣᠨ ᠤ 3 ᠰᠠᠷ᠎ᠠ ᠶᠢᠨ 20 ᠤ ᠡᠳᠦᠷ ᠪᠣᠯᠲᠠᠯ᠎ᠠ ᠲᠦᠷ ᠲᠣᠭᠲᠠᠭᠠᠪᠠ᠃ ᠲᠤᠬᠠᠢ ᠶᠢᠨ ᠦᠶ᠎ᠡ ᠳᠤ ᠬᠢᠵᠢᠭ ᠤᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠳᠠᠬᠢᠨ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃  ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0478 ︱ 3211859ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0478 ︱ 2216466ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠄ 0478 ︱ 3260775                                ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                                 ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                             2022 ᠣᠨ ᠤ 3 ᠰᠠᠷ᠎ᠠ ᠶᠢᠨ 15 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ