ᠮᠢᠩᠭᠠᠨ ᠪᠠᠯᠭᠠᠰᠣ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2022/2/10
     ᠣᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠣ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠲᠠᠪᠤᠨ ᠲᠠᠯ᠎ᠠ ᠪᠠᠷ ᠬᠦᠴᠦᠯᠡᠬᠦ︾ ᠶᠢ ᠪᠠᠷᠢᠮᠲᠠᠯᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂  ᠣᠷᠣᠰᠢᠨ ᠰᠠᠭᠤᠬᠤ ᠳᠤ ᠲᠠᠭᠠᠯᠠᠮᠵᠢᠲᠠᠶ ᠣᠳᠣᠬᠢᠴᠢᠯᠠᠭᠰᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠣᠯᠪᠠᠰᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ᠃    ᠮᠢᠩᠭᠠᠨ ᠪᠠᠯᠭᠠᠰᠣ᠂ ᠠᠵᠢᠯᠲᠠᠨ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ᠂ ᠭᠠᠵᠠᠷ ᠣᠷᠣᠨ ᠲᠣᠭᠲᠠᠭᠠᠬᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠬᠢᠭᠡᠳ ᠣᠷᠴᠢᠨ ᠲᠣᠭᠤᠷᠢᠨ ᠤ ᠠᠷᠢᠭᠤᠨ ᠴᠡᠪᠡᠷ ᠢ ᠳᠠᠭᠠᠭᠠᠴᠢᠯᠠᠬᠤ᠂ ᠨᠣᠭᠤᠭᠠᠷᠠᠭᠤᠯᠤᠯᠲᠠ ᠶᠢ ᠳᠠᠭᠠᠭᠠᠴᠢᠯᠠᠬᠤ᠂ ᠭᠤᠶᠤᠵᠢᠭᠤᠯᠤᠯᠳᠠ ᠶᠢ ᠳᠠᠭᠠᠭᠠᠴᠢᠯᠠᠬᠤ᠂ ᠡᠮᠬᠢ ᠳᠢᠭᠯᠢᠮ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠂ ᠰᠠᠷ᠎ᠠ ᠪᠦᠷᠢ ᠶᠢᠨ 1᠂ 2᠂ 15 ᠂ 16 ᠤ ᠡᠳᠦᠷ ᠢ ᠲᠥᠪᠯᠡᠷᠡᠭᠦᠯᠦᠨ ᠴᠡᠪᠡᠷᠯᠡᠬᠦ ᠡᠳᠦᠷ ᠢᠶᠠᠷ ᠲᠣᠭᠲᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠳᠤ ᠬᠥᠮᠦᠨ ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ᠂ ᠣᠨᠴᠠᠭᠠᠶ ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠪᠠᠯᠭᠠᠰᠤ ᠲᠣᠰᠬᠤᠨ ᠤ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷᠠᠴᠤᠳ ᠢ ᠬᠡᠷ ᠲᠤᠨᠢ ᠬᠦᠷᠴᠦ ᠡᠷᠦᠬᠡ ᠶᠢᠨ ᠡᠷᠡᠭᠦᠯ ᠬᠠᠮᠠᠭᠠᠯᠠᠯ ᠢ ᠬᠠᠪᠰᠣᠷᠣᠨ ᠴᠡᠪᠡᠷᠯᠡᠬᠦᠯᠵᠣ᠂ ᠲᠣᠬᠤᠨᠢᠭᠤᠯᠬᠤ ᠠᠵᠢᠯᠯᠠᠭ᠎ᠠ ᠶᠢ ᠦᠷᠨᠢᠭᠦᠯᠦᠨ᠂ ᠠᠳᠠᠯᠢ ᠪᠤᠰᠤ ᠬᠡᠯᠪᠡᠷᠢ ᠶᠢᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠪᠠᠷ ᠳᠠᠮᠵᠢᠭᠤᠯᠤᠨ᠂ ᠬᠦᠴᠢᠷᠳᠡᠯᠲᠡᠶ ᠣᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ   ᠬᠦᠷᠲᠡᠭᠡᠪᠡ᠃     ᠲᠣᠰ ᠪᠠᠯᠭᠠᠰᠣᠨ ᠤ ᠨᠠᠮ ᠤᠨ ᠭᠡᠰᠢᠭᠦᠨ ᠲᠦᠷᠦᠭᠦᠯᠡᠨ᠂  ᠲᠣᠰᠬᠤᠨ ᠤ ᠺᠠᠳ᠋ᠷ᠂ ᠴᠡᠪᠡᠷᠯᠡᠭᠴᠢ ᠬᠠᠮᠲᠤ ᠪᠠᠷ ᠬᠦᠴᠦᠯᠡᠵᠦ᠂ ᠵᠠᠰᠠᠮᠠᠯ ᠵᠠᠮ ᠳᠠᠭᠠᠤ᠂ ᠲᠣᠰᠬᠤᠨ ᠳᠤᠭᠤᠶᠢᠯᠠᠩ ᠤᠨ ᠭᠤᠳᠤᠮᠵᠢ᠂ ᠬᠡᠷ ᠪᠠᠶᠢᠰᠢᠩ ᠤᠨ ᠡᠮᠦᠨ᠎ᠡ ᠬᠤᠶᠢᠨ᠎ᠠ᠂ ᠦᠶᠡᠷ ᠤᠨ ᠭᠤᠤᠯ    ᠵᠡᠷᠭᠡ ᠶᠢᠨ ᠠᠮᠢᠳᠤᠷᠠᠯ ᠤᠨ ᠬᠤᠭ ᠨᠣᠪᠰᠢ ᠶᠢ ᠴᠡᠭᠴᠡᠯᠡᠨ ᠵᠠᠰᠠᠬᠤ ᠠᠵᠢᠯ ᠢ ᠦᠷᠨᠢᠬᠦᠯᠵᠣ᠂ 2021 ᠣᠨ ᠳᠤ ᠨᠡᠶᠢᠳᠡ 10200 ᠬᠥᠮᠦᠨ ᠤᠳᠠᠭ᠎ᠠ᠂ 3060 ᠲᠡᠷᠭᠡ ᠬᠥᠳᠡᠯᠭᠡᠵᠦ᠂ 8200 ᠭᠠᠷᠤᠢ ᠲᠣᠨ ᠬᠤᠭ ᠨᠣᠪᠰᠢ ᠶᠢ ᠴᠡᠪᠡᠷᠯᠡᠪᠡ᠃  ᠮᠢᠩᠭᠠᠨ ᠪᠠᠯᠭᠠᠰᠣᠨ ᠠᠴᠠ 10 ᠨᠡᠷᠡᠰ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠭᠰᠠᠨ ᠲᠡᠷᠢᠭᠦᠨ ᠤ ᠬᠤᠪᠢ ᠬᠥᠮᠦᠨ᠂ 10 ᠡᠷᠦᠬᠡ ᠠᠷᠢᠭᠤᠨ ᠴᠡᠪᠡᠷᠴᠢ ᠵᠢᠱᠢᠶ᠎ᠡ ᠦᠵᠡᠭᠦᠯᠬᠦ ᠡᠷᠦᠬᠡ ᠶᠢ ᠬᠥᠬᠢᠭᠦᠯᠦᠨ ᠰᠠᠶᠢᠰᠢᠶᠠᠵᠤ᠂ ᠣᠯᠠᠨ ᠲᠦᠮᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠥᠷᠨᠢᠭᠦᠯᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠨ᠂ ︽ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠣᠷᠤᠩᠭᠤᠶ ᠶᠢ ᠰᠢᠮᠳᠠᠭᠤᠯᠬᠤ︾ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠤᠶ ᠪᠣᠯᠭᠠᠪᠠ᠃     ᠣᠳᠣᠬᠠᠨ ᠪᠣᠯᠲᠠᠯ᠎ᠠ᠂ ᠲᠣᠰ ᠪᠠᠯᠭᠠᠰᠤ ᠨᠡᠶᠢᠲᠡ 12 ᠤᠳᠠᠭ᠎ᠠ ᠲᠥᠪᠯᠡᠷᠡᠭᠦᠯᠦᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠲᠠᠩᠰᠠ ᠪᠠᠶᠢᠭᠤᠯᠤᠨ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ ᠡᠯ᠎ᠡ ᠲᠣᠰᠬᠤᠨ ᠤ ᠬᠢᠨᠠᠨ ᠪᠠᠶᠢᠴᠠᠭᠠᠬᠤ ᠵᠥᠪᠯᠡᠯ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠲᠣᠭᠤᠷᠢᠨ ᠪᠠᠶᠢᠴᠠᠭᠠᠬᠤ ᠰᠠᠯᠪᠤᠷᠢ ᠪᠠᠭ᠎ᠠ ᠠᠩᠭᠢ ᠪᠠᠶᠢᠭᠤᠯᠵᠤ᠂ ᠬᠤᠭ ᠨᠣᠪᠰᠢ ᠶᠢ ᠳᠤᠷ᠎ᠠ ᠪᠠᠷ ᠬᠠᠶᠠᠬᠤ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ ᠵᠡᠷᠭᠡ ᠦᠵᠡᠭᠳᠡᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠯᠡᠷᠡᠭᠦᠯᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠱᠠᠭᠠᠷᠳᠠᠨ ᠦᠵᠡᠰᠭᠦᠯᠡᠩᠲᠣ ᠰᠠᠶᠢᠬᠠᠨ ᠮᠢᠩᠭᠠᠨ ᠪᠠᠯᠭᠠᠰᠣ ᠶᠢ  ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ