ᠰᠠᠭᠠᠳᠠᠭ ᠰᠤᠮᠤ ᠰᠠᠷ᠎ᠠ ᠰᠢᠨ᠎ᠡ ᠶᠢᠨ ᠪᠠᠶᠠᠷ ᠤᠨ ᠳᠠᠷᠠᠭᠠᠬᠢ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/2/10
    ᠰᠤᠮᠤ ᠶᠢᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠡᠪᠰᠢᠭᠰᠡᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠠᠭᠠᠳᠠᠭ ᠰᠤᠮᠤ ᠰᠠᠷ᠎ᠠ ᠰᠢᠨ᠎ᠡ ᠶᠢᠨ ᠪᠠᠶᠠᠷ ᠤᠨ ᠳᠠᠷᠠᠭᠠᠬᠢ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠯᠠᠭ᠎ᠠ ᠦᠷᠨᠢᠭᠦᠯᠪᠡ᠃    ᠣᠷᠴᠢᠨ ᠲᠣᠭᠤᠷᠢᠨ ᠤ ᠠᠷᠢᠭᠤᠨ ᠴᠡᠪᠡᠷ ᠨᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠷ ᠪᠠᠷᠠᠬᠤ ᠦᠭᠡᠢ  ᠣᠷᠲᠣ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ ᠲᠦᠷᠦᠯ ᠵᠦᠢᠯ ᠪᠣᠯᠣᠨ᠎ᠠ᠃ ᠰᠠᠭᠠᠳᠠᠭ ᠰᠤᠮᠤ ᠶᠢᠨ ᠺᠠᠳ᠋ᠷ ᠠᠵᠢᠯᠲᠠᠳ ᠠᠵᠢᠯ ᠤᠨ ᠬᠤᠪᠢᠶᠠᠷᠢᠯᠠᠯ ᠶᠣᠰᠣᠭᠠᠷ᠂ ᠰᠣᠮᠣᠨ ᠤ ᠡᠷᠬᠢᠨ ᠲᠣᠭᠤᠷᠢᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠬᠤᠷᠠᠮᠳᠣᠭᠰᠠᠨ ᠠᠮᠢᠳᠤᠷᠠᠯ ᠤᠨ ᠬᠤᠭ ᠨᠣᠪᠰᠢ᠂ ᠳᠤᠷ᠎ᠠ ᠪᠠᠷ ᠲᠠᠯᠪᠢᠵᠤ ᠪᠠᠶᠢᠭ᠎ᠠ ᠡᠳ᠋ ᠪᠣᠳᠠᠰ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ  ᠠᠵᠢᠯᠯᠠᠭ᠎ᠠ ᠦᠷᠨᠢᠭᠦᠯᠦᠨ᠂ ᠮᠠᠯᠴᠢᠨ ᠲᠦᠮᠡᠨ ᠤ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠬᠠᠮᠠᠭᠠᠯᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠪᠡ᠃    ᠣᠶᠢᠯᠠᠭᠠᠭᠰᠠᠨ ᠢᠶᠠᠷ᠂  ᠳᠠᠷᠠᠭᠠᠴᠢ ᠶᠢᠨ ᠠᠯᠬᠤᠮ ᠳᠤ᠂ ᠰᠠᠭᠠᠳᠠᠭ ᠰᠣᠮᠣᠨ ᠠᠴᠠ ᠡᠯ᠎ᠡ ᠭᠠᠴᠠᠭᠠᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠵᠤ᠂   ᠮᠠᠯᠴᠢᠨ ᠲᠦᠮᠡᠨ ᠢ ᠢᠳᠡᠪᠬᠢᠲᠡᠶ ᠳᠠᠶᠢᠴᠢᠯᠠᠨ ᠴᠡᠪᠡᠷᠯᠡᠭᠡ ᠶᠢᠨ ᠠᠵᠢᠯ ᠢ ᠤᠬᠠᠮᠰᠠᠷ ᠠᠴᠠ ᠪᠠᠨ ᠰᠠᠶᠢᠲᠤᠷ ᠬᠢᠯᠭᠡᠵᠦ᠂ ᠠᠷᠢᠭᠤᠨ ᠴᠡᠪᠡᠷ᠂  ᠡᠷᠡᠬᠦᠯ ᠡᠩᠭᠡ᠂  ᠪᠣᠯᠪᠠᠰᠤᠨ ᠰᠠᠶᠢᠬᠠᠨ ᠳᠠᠳᠬᠠᠯ ᠢ ᠰᠠᠨᠠᠭᠠᠴᠢᠯᠠᠵᠤ᠂ ᠴᠡᠪᠡᠷ ᠴᠡᠮᠴᠡᠭᠡᠷ ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠣᠪᠡᠷ ᠴᠢᠷᠮᠠᠶᠢᠨ ᠪᠣᠶ ᠪᠣᠯᠭᠠᠵᠤ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ  ᠨᠡᠮᠡᠭᠳᠡᠭᠦᠯᠬᠦ ᠪᠠᠷ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ