ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ | ᠨᠠᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ︵1 ᠰᠠᠷ᠎ᠠ ᠶᠢᠨ 31 ᠤ ᠡᠳᠦᠷ ᠤᠨ 0 ᠴᠠᠭ ᠠᠴᠠ 2 | ᠰᠠᠷ᠎ᠠ ᠶᠢᠨ 6 ᠤ ᠡᠳᠦᠷ ᠤᠨ 24 ᠴᠠᠭ ᠪᠣᠯᠲᠠᠯ᠎ᠠ︶ ᠳᠤ᠂ ᠪᠥᠬᠦ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠢᠶᠠᠷ ᠦᠩᠭᠡᠷᠡᠭᠦ 360 ᠲᠦᠮᠡᠨ ᠵᠢᠵᠢᠭ | ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠨᠡᠶᠢᠲᠡ 9290 ᠲᠦᠮᠡᠨ ᠲᠥᠭᠦᠷᠢᠭ ᠤᠨ ᠰᠦᠢᠳᠭᠡᠯ ᠢ ᠬᠡᠯᠲᠣᠷᠡᠭᠦᠯᠪᠡ ᠃ ᠡᠭᠦᠨ ᠳᠤ ᠲᠦᠷᠭᠡᠨ ᠳᠠᠪᠬᠢᠬᠤ | ᠵᠠᠰᠠᠮᠠᠯ ᠵᠠᠮ 204 ᠲᠦᠮᠡᠨ ᠮᠠᠰᠢᠨ ᠲᠡᠷᠭᠡ ᠠᠴᠠ 6936 ᠲᠦᠮᠡᠨ ᠲᠥᠭᠦᠷᠢᠭ ᠤᠨ ᠰᠦᠢᠳᠭᠡᠯ᠂ ᠡᠩ ᠤᠨ ᠵᠠᠰᠠᠮᠠᠯ ᠵᠠᠮ 156 ᠲᠦᠮᠡᠨ ᠵᠢᠵᠢᠭ ᠬᠡᠯᠪᠡᠷᠢ ᠶᠢᠨ | ᠠᠶᠠᠨᠴᠢᠳ ᠤᠨ ᠲᠡᠷᠭᠡ ᠨᠡᠪᠲᠡᠷᠡᠬᠦ ᠰᠦᠢᠳᠭᠡᠯ ᠢ 2354 ᠲᠦᠮᠡᠨ ᠲᠥᠭᠦᠷᠢᠭ ᠬᠡᠯᠲᠣᠷᠡᠭᠦᠯᠦᠭᠰᠡᠨ ᠪᠠᠶᠢᠨ᠎ᠠ᠃ | ᠡᠨᠡ ᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠷᠦᠩᠬᠡᠶ ᠠᠩᠭᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠠᠮᠢᠶ᠎ᠠ ᠲᠠᠢ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠲᠤᠷᠠᠨ | ᠬᠥᠳᠡᠯᠦᠯᠴᠡᠬᠦ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠠᠳᠠᠯ ᠤᠨ ᠠᠪᠤᠷᠠᠨ ᠲᠤᠰᠠᠯᠠᠬᠤ᠂ ᠵᠠᠮ ᠤᠨ ᠲᠦᠭᠵᠢᠷᠡᠯ ᠢ ᠰᠢᠯᠤᠭᠤᠳᠬᠠᠬᠤ ᠵᠡᠷᠭᠡ ᠠᠵᠢᠯ ᠢ ᠰᠠᠶᠢᠲᠤᠷ | ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠪᠡᠭᠡᠵᠢᠩ ᠤᠨ 2022 ᠣᠨ ᠤ ᠡᠪᠦᠯ ᠤᠨ | ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | ᠲᠡᠭᠡᠭᠡᠪᠦᠷᠢ ᠶᠢᠨ ᠦᠢᠯᠡᠴᠢᠯᠡᠬᠡᠨ ᠤ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ |