ᠣᠷᠠᠳ ᠤᠨ ᠡᠮᠦᠨᠡᠲᠤ ᠬᠤᠰᠢᠭᠤᠨ ᠤ ᠮᠢᠩᠭᠠᠨ ᠪᠠᠯᠭᠠᠰᠣ ᠣᠨᠴᠠᠯᠢᠭᠲᠣ ᠮᠦᠬᠦ ᠲᠠᠷᠢᠵᠤ ᠤᠷᠤᠯᠭ᠎ᠠ ᠪᠠᠨ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2022/2/17
    ᠬᠠᠪᠤᠷ ᠤᠨ ᠡᠬᠢᠨ ᠤ 2 ᠰᠠᠷ᠎ᠠ ᠭᠡᠵᠦ ᠠᠭᠤᠷ ᠠᠮᠢᠰᠬᠤᠯ ᠮᠥᠨ ᠯᠡ ᠬᠦᠢᠲᠡᠨ ᠢᠶᠠᠷ ᠢᠶᠠᠨ ᠪᠠᠶᠢᠭᠰᠠᠨ ᠪᠣᠯᠪᠠᠴᠣ  ᠣᠷᠠᠳ ᠤᠨ ᠡᠮᠦᠨᠡᠲᠤ ᠬᠤᠰᠢᠭᠤᠨ ᠤ ᠮᠢᠩᠭᠠᠨ ᠪᠠᠯᠭᠠᠰᠤᠨ ᠤ ᠮᠤᠤ ᠵᠢᠶᠠ ᠭᠧ ᠳ᠋ᠦ᠋ ᠲᠣᠰᠬᠤᠨ ᠤ ᠬᠡᠷᠬᠡᠨᠡᠭ ᠮᠦᠬᠦ ᠲᠠᠷᠢᠬᠤ ᠰᠠᠭᠤᠷᠢᠨ ᠭᠠᠵᠠᠷ ᠲᠤ ᠪᠠᠶᠠᠷ ᠬᠦᠷ ᠪᠢᠯᠬᠠᠨ᠂ ᠲᠣᠬᠠᠢ ᠶᠢᠨ ᠭᠠᠵᠠᠷ ᠤᠨ ᠲᠠᠷᠢᠶᠠᠴᠢᠳ ᠬᠡᠷᠭᠡᠨᠡᠭ ᠮᠥᠭᠦ ᠪᠠᠨ ᠬᠤᠷᠢᠶᠠᠵᠤ᠂ ᠵᠠᠬ᠎ᠠ ᠳᠤ ᠭᠠᠷᠭᠠᠬᠤ ᠪᠠᠷ ᠶᠠᠭᠠᠷᠠᠯᠳᠣᠨ᠎ᠠ᠃
羊肚菌1.jpg
    ᠬᠡᠷᠬᠡᠨᠡᠭ ᠮᠦᠬᠦ ᠪᠣᠯ ᠨᠢᠭᠡᠨ ᠵᠦᠢᠯ ᠤᠨ ᠬᠤᠪᠤᠷ ᠢᠳᠡᠭᠡᠨ ᠪᠣᠯᠬᠤ ᠮᠦᠷᠲᠡᠭᠡᠨ ᠡᠮ ᠳᠤ ᠣᠷᠣᠳᠠᠭ ᠶᠣᠮ᠃ 2021 ᠣᠨ ᠠᠴᠠ ᠨᠠᠭᠠᠰᠢ᠂ ᠥᠪᠥᠷ ᠮᠣᠩᠭᠤᠯ ᠤᠨ ᠷᠦᠢ ᠵᠢᠩ ᠺᠠᠶ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ︽ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢᠶᠠᠷ᠂ ᠮᠢᠩᠭᠠᠨ ᠪᠠᠯᠭᠠᠰᠣᠨ ᠤ ᠮᠠᠤ ᠵᠢᠶᠠ ᠭᠧ ᠳ᠋ᠦ᠋ ᠲᠣᠰᠬᠤᠨ ᠤ ᠳᠠᠪᠠᠭᠤᠯᠢᠭ ᠣᠷᠣᠨ ᠪᠠᠶᠢᠷᠢ ᠶᠢᠨ ᠨᠦᠬᠦᠴᠡᠯ   ᠳᠤ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠶ ᠣᠯᠵᠤ᠂ ᠴᠢᠨᠠᠷ ᠰᠠᠶᠢᠲᠠᠶ ᠢᠳᠡᠭᠡᠨ ᠤ ᠮᠥᠭᠦ ᠶᠢᠨ ᠲᠥᠷᠥᠯ ᠵᠦᠢᠯ ᠢ ᠰᠣᠩᠭᠤᠨ᠂ 2500 ᠲᠦᠮᠡᠨ ᠲᠥᠭᠦᠷᠢᠭ ᠤᠨ ᠪᠠᠯᠠ ᠣᠷᠣᠭᠤᠯᠣᠨ᠂ ᠥᠨᠳᠥᠷ ᠪᠠᠷᠢᠮᠵᠢᠶᠠᠲᠤ ᠬᠤᠲᠠ ᠶᠢᠨ ᠲᠠᠰ ᠤᠨ ᠬᠡᠷᠬᠡᠨᠡᠭ ᠮᠥᠭᠦ ᠶᠢᠨ ᠠᠵᠤ ᠦᠢᠯᠡᠰ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂100 ᠣᠶᠤᠨᠴᠢ ᠬᠦᠯᠡᠮᠵᠢ ᠪᠠᠶᠢᠭᠤᠯᠤᠨ ᠣᠨᠴᠠᠯᠢᠭᠲᠣ ᠮᠦᠬᠦ ᠲᠠᠷᠢᠬᠤ ᠳᠤ ᠰᠠᠭᠤᠷᠢᠯᠠᠵᠠᠢ᠃
羊肚菌2.jpg
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠪᠣᠯ ᠲᠤᠯᠭᠠᠭᠤᠷᠢᠯᠠᠯ ᠮᠥᠨ᠃ ᠣᠷᠴᠢᠮ ᠤᠨ ᠵᠢᠯ ᠠᠴᠠ᠂ ᠣᠷᠠᠳ ᠤᠨ ᠡᠮᠦᠨᠡᠲᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠮᠢᠩᠭᠠᠨ ᠪᠠᠯᠭᠠᠰᠤᠨ ᠤ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠵᠡᠷᠭᠡ ᠪᠣᠳᠠᠲᠤ ᠪᠠᠶᠢᠳᠠᠯ ᠵᠢᠴᠢ ︽4421︾ ᠲᠥᠷᠥᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠣᠰᠣᠭᠠᠷ᠂ ᠲᠣᠰᠬᠤᠨ ᠤ ᠬᠠᠮᠲᠤ ᠶᠢᠨ ᠠᠵᠤ ᠠᠬᠤᠶ ᠶᠢ ᠠᠮᠢᠳᠤᠯᠢᠭ ᠪᠣᠯᠭᠠᠬᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠬᠦᠯᠬᠦ ᠲᠠᠯ᠎ᠠ ᠪᠠᠷ ᠬᠦᠴᠦᠯᠡᠵᠤ᠂ ᠲᠠᠷᠢᠮᠠᠯ ᠤᠨ ᠦᠶᠡᠯᠡᠯ ᠤᠨ ᠬᠤᠭᠤᠴᠠᠭ᠎ᠠ ᠪᠠᠷ ᠣᠬᠤᠷ᠂ ᠦᠷ᠎ᠡ ᠠᠰᠢᠭ ᠢᠶᠠᠷ ᠥᠨᠳᠥᠷ ᠪᠣᠯᠬᠤ ᠬᠡᠷᠭᠡᠨᠡᠩ ᠮᠦᠬᠦ ᠶᠢᠨ ᠲᠠᠷᠢᠮᠠᠯ ᠤᠨ ᠠᠵᠤ ᠦᠢᠯᠡᠰ ᠢ ᠪᠣᠶᠢᠵᠢᠭᠤᠯᠵᠣ᠂ ᠲᠣᠰ ᠪᠠᠯᠭᠠᠰᠣᠨ ᠤ ᠣᠣᠯ ᠤᠨ ᠳᠠᠩ ᠭᠠᠭᠴᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠬᠤᠪᠢᠷᠠᠭᠤᠯᠣᠨ᠂ ᠲᠠᠷᠢᠶᠠᠴᠢᠳ ᠤᠨ ᠣᠷᠣᠯᠭ᠎ᠠ ᠶᠢ ᠨᠢ ᠶᠡᠭᠡᠪᠡᠷ ᠨᠡᠮᠡᠭᠳᠡᠭᠦᠯᠦᠭᠰᠡᠨ ᠪᠠᠶᠢᠨ᠎ᠠ᠃    ᠣᠶᠢᠯᠠᠭᠠᠭᠰᠠᠨ ᠢᠶᠠᠷ᠂ ᠣᠳᠣᠬᠠᠨ ᠳᠤ  ᠮᠢᠩᠭᠠᠨ ᠪᠠᠯᠭᠠᠰᠣᠨ ᠤ ᠬᠡᠷᠬᠡᠨᠡᠭ ᠮᠦᠬᠦ ᠨᠢᠭᠡᠨᠲᠡ ᠬᠤᠷᠢᠶᠠᠯᠲᠠ ᠶᠢᠨ ᠱᠠᠲᠣᠨ ᠳᠤ ᠪᠠᠨ ᠣᠷᠣᠵᠣ᠂ ᠵᠠᠬ᠎ᠠ ᠳᠡᠯᠭᠡᠭᠦᠷ ᠤᠨ ᠦᠨ᠎ᠡ ᠬᠠᠩᠰᠢ ᠪᠣᠯᠤᠨ ᠠᠵᠤ ᠠᠬᠤᠶ ᠶᠢᠨ ᠦᠷ᠎ᠡ ᠠᠰᠢᠭ ᠶᠡᠭᠡ ᠰᠠᠶᠢᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠦᠷᠭᠦᠯᠵᠢᠯᠡᠨ ︿ᠨᠠᠮ ᠤᠨ ᠪᠠᠶᠢᠭᠤᠯᠤᠯᠲᠠ ᠪᠠᠷ ᠲᠣᠰᠬᠤᠨ ᠢ ᠬᠦᠴᠦᠷᠬᠡᠭᠵᠢᠭᠦᠯᠵᠦ᠂ ᠠᠵᠤ  ᠦᠢᠯᠡᠰ ᠢᠶᠠᠷ ᠲᠣᠰᠬᠤᠨ ᠢ ᠪᠠᠶᠠᠵᠢᠭᠤᠯᠬᠤ﹀ ᠬᠥᠭᠵᠢᠯᠲᠡ ᠶᠢᠨ ᠰᠡᠳᠬᠢᠴᠡ ᠶᠣᠰᠣᠭᠠᠷ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠨᠢᠭᠡᠳᠦᠯᠲᠡᠶ ᠲᠥᠯᠥᠪᠯᠡᠬᠦ ᠪᠠ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤ ᠪᠠᠷ ᠠᠰᠢᠭ ᠭᠥᠷᠳᠡᠬᠦ ᠶᠢ ᠪᠠᠶᠠᠯᠡᠬᠦᠯᠬᠦ ᠪᠠᠷ ᠪᠠᠶᠢᠨ᠎ᠠ᠃
羊肚菌3.jpg
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ