ᠰᠢᠨ᠎ᠡ ᠴᠠᠭ ᠦᠶ᠎ᠡ ᠶᠢᠨ ᠨᠠᠮ ᠤᠨ ᠠᠵᠢᠯ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠱᠠᠯᠠᠪᠳᠠᠨ ᠰᠠᠶᠢᠲᠤᠷ ᠠᠳᠬᠤᠵᠤ᠂ ᠪᠠᠶᠢᠭᠤᠯᠭ᠎ᠠ ᠶᠢᠨ | ᠺᠠᠳ᠋ᠷ ᠠᠵᠢᠯᠲᠠᠨ ᠤ ᠨᠠᠮᠴᠢ ᠴᠢᠨᠠᠷ ᠤᠨ ᠪᠣᠯᠪᠠᠰᠤᠷᠠᠯ ᠪᠣᠯᠤᠨ ᠤᠯᠤᠰ ᠲᠥᠷᠥ ᠶᠢᠨ ᠣᠨᠣᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ ᠬᠤᠰᠢᠭᠤᠨ ᠤ ᠭᠠᠮᠰᠢᠭ ᠢ ᠰᠡᠷᠭᠡᠶᠢᠯᠡᠬᠦ ᠲᠥᠪ ᠪᠥᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠤᠨ | ᠠᠵᠢᠯ ᠤᠨ ᠺᠠᠳ᠋ᠷ ᠤᠨ ᠮᠡᠳᠡᠯᠭᠡ ᠶᠢᠨ ᠰᠢᠯᠭᠠᠯᠲᠠ ᠶᠢ ᠦᠷᠨᠢᠭᠦᠯᠪᠡ᠃ | ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ᠲᠣᠰ ᠲᠣᠪᠴᠢᠶ᠎ᠠ ᠭᠦᠨ ᠵᠤᠵᠠᠭᠠᠨ ᠤᠯᠤᠰ ᠲᠥᠷᠥ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠣᠶ | ᠪᠣᠯᠭᠠᠵᠤ᠂ ᠨᠠᠮ ᠤᠨ ᠭᠡᠰᠢᠭᠦᠨ ᠵᠢᠴᠢ ᠨᠠᠮ ᠤᠨ ᠠᠵᠢᠯ ᠤᠨ ᠺᠠᠳ᠋ᠷᠴᠤᠳ ᠤᠨ ᠰᠤᠷᠤᠯᠴᠠᠯᠭ᠎ᠠ ᠶᠢᠨ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠦᠭᠰᠡᠨ ᠪᠥᠭᠡᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ | ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠨᠠᠩ ᠰᠢᠨ᠎ᠡ ᠳᠡᠭᠲᠡᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠪᠠ᠃ | ᠰᠢᠯᠭᠠᠯᠲᠠ ᠳᠤ ᠣᠷᠣᠯᠴᠠᠭᠰᠠᠨ ᠺᠠᠳ᠋ᠷᠴᠤᠳ ᠬᠤᠶᠢᠰᠢᠳᠠ ᠲᠤᠬᠠᠶᠢᠯᠠᠭᠰᠠᠨ ᠠᠵᠢᠯ ᠳᠠᠭᠠᠨ ᠰᠢᠮᠳᠠᠨ᠂ ᠲᠡᠷᠢᠭᠦᠨ ᠤ ᠬᠢ ᠶᠢ ᠡᠭᠦᠳᠴᠦ ᠰᠢᠯᠢᠳᠡᠭ | ᠪᠣᠯᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠵᠡᠭᠡᠪᠡ᠃ |