ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠴᠢᠨ ᠳᠣᠯᠣᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠪᠠ ᠵᠧᠦ ᠢᠦᠢ ᠯᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/2/18
    2 ᠰᠠᠷ᠎ᠠ ᠶᠢᠨ 7 ᠤ ᠡᠳᠦᠷ᠂ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠴᠢᠨ ᠳᠣᠯᠣᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠯᠢᠨ ᠾᠧ ᠳᠤ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠢᠦᠢ ᠯᠢᠨ ᠬᠤᠷᠠᠯ ᠡᠷᠭᠢᠯᠡᠵᠦ᠂ ᠳᠡᠳ᠋ ᠡᠷᠬᠢᠯᠡᠭᠴᠢ ᠵᠢᠶᠠ ᠵᠢᠶᠦ᠋ᠨ᠂ ᠰᠢᠦᠢ ᠮᠣᠣ ᠯᠦᠩ᠂ ᠯᠢ ᠵᠢᠶᠠᠨ ᠵᠢᠶᠦ᠋ᠨ᠂ ᠪᠠᠲᠤ ᠂ ᠲᠦᠩ ᠭᠡᠷᠡᠯ ᠬᠤᠷᠠᠯ ᠳᠤ ᠣᠷᠣᠯᠴᠠᠵᠠᠢ᠃    ᠬᠤᠷᠠᠯ ᠠᠴᠠ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ︵ᠡᠬᠡ ᠨᠣᠣᠷᠠᠭ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠣᠭᠲᠠᠭᠠᠯ ︵ᠲᠥᠰᠥᠯ︶ ᠢ ᠬᠢᠨᠠᠨ ᠶᠠᠷᠢᠯᠴᠠᠪᠠ︔ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠥᠰᠥᠯ ᠤᠳ ᠢ ᠬᠢᠨᠠᠨ ᠪᠠᠶᠠᠨᠨᠠᠭᠤᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠨᠡᠷᠡᠰ ︵ᠲᠥᠰᠥᠯ︶ ᠢ ᠬᠢᠨᠠᠨ ᠵᠥᠪᠯᠡᠪᠡ︔ ᠪᠠᠶᠠᠨᠨᠠᠭᠤᠷ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃     ᠬᠤᠷᠠᠯ ᠠᠴᠠ 2021 ᠣᠨ ᠤ ᠰᠢᠯᠢᠳᠡᠭ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠬᠤ ᠰᠠᠨᠠᠭᠤᠯᠭ᠎ᠠ ᠪᠣᠯᠣᠨ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠭᠰᠡᠨ ᠲᠡᠷᠢᠭᠦᠨ ᠤ ᠨᠢᠭᠡᠴᠡ ᠶᠢᠨ ᠲᠤᠬᠠᠢ ᠲᠣᠭᠲᠠᠭᠠᠯ ︵ᠲᠥᠰᠥᠯ︶ ᠵᠢᠴᠢ ᠲᠣᠳᠣᠷᠬᠠᠶᠢᠯᠠᠯᠲᠠ ᠶᠢ ᠬᠢᠨᠠᠨ ᠵᠥᠪᠯᠡᠪᠡ︔ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠲᠥᠰᠥᠯ︶ ᠶᠢ ᠬᠢᠨᠠᠨ ᠵᠥᠪᠯᠡᠪᠡ︔ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶ ᠪᠣᠯᠣᠨ ᠡᠳᠦᠷ ᠤᠨ ᠳᠠᠷᠠᠭᠠᠯᠠᠯ ︵ᠲᠥᠰᠥᠯ︶ ᠢ ᠬᠢᠨᠠᠨ ᠵᠥᠪᠯᠡᠪᠡ᠃
ᠢᠷᠡᠯᠲᠡ᠄ ᠪᠠᠶᠠᠨᠨᠠᠭᠤᠷ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ