ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠥᠷᠪᠡᠳᠦᠭᠡᠷ ᠬᠤᠭᠤᠴᠠᠭᠠᠨ ᠤ ᠳᠥᠴᠢᠳᠦᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/2/18
     2 ᠰᠠᠷ᠎ᠠ ᠶᠢᠨ 7 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠥᠷᠪᠡᠳᠦᠭᠡᠷ ᠬᠤᠭᠤᠴᠠᠭᠠᠨ ᠤ ᠳᠥᠴᠢᠳᠦᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠯᠢᠨ ᠾᠧ ᠳᠤ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠳ᠋ᠢ ᠷᠦᠢ ᠵᠧᠨ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᡁᠢ ᠶᠦᠨ᠂ ᠳᠡᠳ᠋ ᠲᠡᠷᠢᠭᠦᠯᠡᠭᠴᠢ ᠰᠢᠦᠢ ᠺᠠᠩ ᠨᠢᠩ᠂ ᠨᠢᠶᠧ ᠵᠢᠶᠠᠨ ᠵᠥᠩ᠂ ᠶᠢᠨ ᠵᠣᠣ ᠮᠢᠩ᠂ ᠡᠩᠬᠡᠵᠢᠷᠭᠠᠯ᠂ ᠦ᠋ ᠴᠢᠩ ᠰᠢᠶᠠ᠂ ᠯᠢᠦᠢ ᠱᠧᠩ ᠹᠦ᠋ ᠬᠤᠷᠠᠯ ᠳᠤ ᠣᠷᠣᠯᠴᠠᠵᠠᠢ᠃      ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠳᠤ ᠣᠷᠤᠯᠴᠠᠬᠤ ᠨᠢᠭᠡᠴᠡ᠂ ᠡᠲᠡᠭᠡᠳ ᠤᠨ ᠢᠯᠭᠠᠯ ᠤᠨ ᠪᠠᠶᠢᠷᠢᠯᠠᠭᠤᠯᠤᠯᠲᠠ᠂ ᠭᠡᠰᠢᠭᠦᠨ ᠤ ᠲᠤᠭ᠎ᠠ ᠪᠠ ᠵᠢᠱᠢᠭᠳᠡᠭᠴᠢ ᠶᠢ ᠵᠥᠪᠳᠡᠯᠴᠡᠨ ᠲᠣᠭᠲᠠᠭᠠᠪᠠ᠃      ᠬᠤᠷᠠᠯᠳᠤᠭᠠᠨ ᠠᠴᠠ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ︵ᠲᠥᠰᠥᠯ︶ ᠶᠢ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠮᠡᠳᠡᠭᠦᠯᠦᠭᠴᠢ ᠶᠢ ᠲᠥᠰᠥᠭᠡᠯᠡᠨ ᠲᠣᠭᠲᠠᠭᠠᠪᠠ︔ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ︵ᠲᠥᠰᠥᠯ︶ ᠶᠢ ᠬᠢᠨᠠᠨ ᠵᠥᠪᠯᠡᠵᠦ ᠪᠠᠲᠤᠯᠠᠬᠤ ᠶᠢᠨ ᠬᠠᠮᠲᠤ᠂ ᠮᠡᠳᠡᠭᠦᠯᠦᠭᠴᠢ ᠶᠢ ᠲᠠᠭᠠᠮᠠᠭᠯᠠᠨ ᠲᠣᠭᠲᠠᠭᠠᠪᠠ᠃      ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ᠂ ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ ᠤ ᠡᠷᠬᠢᠯᠡᠭᠴᠢ᠂ ᠨᠠᠷᠢᠨ ᠪᠢᠴᠢᠭ ᠤᠨ ᠳᠠᠷᠤᠭ᠎ᠠ ᠶᠢᠨ ᠰᠠᠨᠠᠭᠤᠯᠭ᠎ᠠ ᠶᠢᠨ ᠨᠡᠷᠡᠰ ︵ᠲᠥᠰᠥᠯ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠪᠠ ᠪᠠᠶᠢᠩᠭᠤ ᠶᠢᠨ ᠲᠡᠷᠢᠭᠦᠯᠡᠭᠴᠢᠳ ᠤᠨ ᠬᠤᠷᠠᠯ ᠤᠨ ᠡᠷᠬᠢᠯᠡᠭᠴᠢ ᠶᠢᠨ ᠰᠠᠨᠠᠭᠤᠯᠭ᠎ᠠ ᠶᠢᠨ ᠨᠡᠷᠡᠰ ︵ᠲᠥᠰᠥᠯ︶ ᠢ ᠬᠢᠨᠠᠨ ᠵᠥᠪᠯᠡᠪᠡ︔ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠳ ᠤᠨ ᠰᠠᠨᠠᠭᠤᠯᠭ᠎ᠠ ᠶᠢᠨ ᠨᠡᠷᠡᠰ ︵ᠲᠥᠰᠥᠯ︶ ᠢ ᠬᠢᠨᠠᠨ ᠵᠥᠪᠯᠡᠪᠡ︔ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠰᠠᠨᠠᠭᠤᠯᠭ᠎ᠠ ᠶᠢᠨ ᠨᠡᠷᠡᠰ ︵ᠲᠥᠰᠥᠯ︶ ᠢ ᠬᠢᠨᠠᠨ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠳᠤᠭᠤᠶᠢᠯᠠᠩ ᠬᠤᠪᠢᠶᠠᠬᠤ ᠠᠷᠭ᠎ᠠ᠂ ᠳᠤᠭᠤᠶᠢᠯᠠᠩ ᠤᠨ ᠬᠤᠷᠠᠯᠳᠤᠭᠤᠯᠤᠭᠴᠢ ᠪᠠ ᠭᠡᠰᠢᠭᠦᠳ ᠤᠨ ᠳᠤᠭᠤᠶᠢᠯᠠᠩ ᠬᠤᠪᠢᠶᠠᠬᠤ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠪᠡ᠃      ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶᠂ ᠡᠳᠦᠷ ᠤᠨ ᠳᠠᠷᠠᠭᠠᠯᠠᠯ ︵ᠲᠥᠰᠥᠯ︶ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠣᠨᠴᠠ ᠤᠷᠢᠭᠰᠠᠨ ᠪᠠ ᠰᠤᠯᠠ ᠣᠷᠣᠯᠴᠠᠭᠰᠠᠳ ᠤᠨ ᠰᠠᠨᠠᠭᠤᠯᠭ᠎ᠠ ᠶᠢᠨ ᠨᠡᠷᠡᠰ ︵ᠲᠥᠰᠥᠯ︶ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠭᠡᠰᠢᠭᠦᠳ ᠤᠨ ᠶᠡᠭᠡ ᠬᠤᠷᠠᠯ ᠤᠨ ᠶᠠᠷᠢᠶᠠᠨ ᠤ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠬᠤᠷᠢᠶ᠎ᠠ ᠶᠢᠨ 2021 ᠣᠨ ᠤ ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠭᠡᠰᠢᠭᠦᠨ᠂ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠢᠯᠢᠳᠡᠭ ᠰᠠᠨᠠᠯ ᠳᠤᠷᠠᠳᠤᠯᠭ᠎ᠠ ᠪᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠲᠡᠷᠢᠭᠦᠨ ᠤ ᠨᠢᠭᠡᠴᠡ ᠵᠢᠴᠢ ᠲᠡᠷᠢᠭᠦᠨ ᠤ ᠬᠤᠪᠢ ᠬᠥᠮᠥᠨ᠂ 2021 ᠣᠨ ᠤ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠵᠠᠷᠯᠠᠨ ᠬᠥᠬᠢᠭᠦᠯᠬᠦ ᠲᠣᠭᠲᠠᠭᠠᠯ ︵ᠲᠥᠰᠥᠯ︶ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ