2 ᠰᠠᠷ᠎ᠠ ᠶᠢᠨ 13 ᠤ ᠦᠳᠡ ᠶᠢᠨ ᠡᠮᠦᠨ᠎ᠡ᠂ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠦᠷᠢᠯᠳᠦᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠡᠷᠭᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ | 35 ᠬᠥᠮᠥᠨ᠂ ᠪᠣᠳᠠᠲᠠᠢ ᠣᠷᠣᠯᠴᠠᠭᠰᠠᠨ ᠨᠢ 35 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠦᠢ | ᠬᠤᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠲᠥᠯᠥᠪᠯᠡᠭᠡ ᠲᠥᠰᠥᠪ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠶᠡᠭᠡ ᠬᠤᠷᠠᠯ ᠤᠨ ᠪᠠᠶᠢᠩᠭᠤ ᠶᠢᠨ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠠ ᠵᠥᠩ ᠤᠨ ᠬᠢᠭᠰᠡᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠲᠤᠬᠠᠢ᠂ ᠬᠤᠳᠠ ᠶᠢᠨ ᠵᠠᠰᠠᠭ ᠤᠨ ᠣᠷᠳᠣᠨ ᠤ ᠬᠤᠳᠠ ᠶᠢᠨ | ᠳᠠᠷᠤᠭ᠎ᠠ᠂ ᠬᠤᠳᠠ ᠶᠢᠨ ᠳᠡᠳ᠋ ᠳᠠᠷᠤᠭ᠎ᠠ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ | ᠳᠠᠷᠤᠭ᠎ᠠ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠤᠨ | ᠲᠣᠳᠣᠷᠬᠠᠶᠢᠯᠠᠯᠲᠠ ᠶᠢ ᠲᠡᠷᠢᠭᠦᠯᠡᠭᠴᠢᠳ ᠤᠨ ᠪᠦᠯᠬᠦᠮ ᠤᠨ ᠨᠡᠷ᠎ᠡ ᠳᠤᠷᠠᠳᠤᠭᠰᠠᠨ ᠵᠢᠱᠢᠭᠳᠡᠭᠰᠡᠳ ᠤᠨ ᠨᠡᠷᠡᠰ ᠢ ᠪᠠᠲᠤᠯᠠᠭᠠᠳ ᠡᠯ᠎ᠡ ᠲᠥᠯᠥᠭᠡᠯᠡᠭᠴᠢᠳ ᠤᠨ | ᠪᠦᠯᠬᠦᠮ ᠳᠤ ᠳᠡᠪᠰᠢᠭᠦᠯᠵᠦ ᠪᠣᠳᠣᠯᠬᠢᠯᠠᠭᠤᠯᠤᠨ ᠶᠠᠷᠢᠯᠴᠠᠭᠤᠯᠪᠠ᠃ | ᠬᠤᠷᠠᠯ ᠠᠴᠠ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ | ᠲᠡᠷᠢᠭᠦᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠵᠢᠱᠢᠭᠳᠡᠭᠰᠡᠳ ᠢ ᠬᠠᠮᠲᠤᠷᠠᠨ ᠨᠡᠷ᠎ᠡ ᠳᠤᠷᠠᠳᠬᠤ ᠡᠴᠦᠰ ᠤᠨ ᠴᠠᠭ ᠤᠨ ᠲᠤᠬᠠᠢ ᠲᠣᠭᠲᠠᠭᠠᠯ ︵ᠲᠥᠰᠥᠯ︶ ᠢ | ᠪᠠᠲᠤᠯᠠᠪᠠ︔ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ | ᠶᠡᠷᠦᠩᠬᠡᠢ ᠫᠢᠶᠣᠣ ᠬᠢᠨᠠᠭᠴᠢ᠂ ᠳᠡᠳ᠋ ᠶᠡᠷᠦᠩᠬᠡᠢ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠨᠡᠷᠡᠰ ︵ᠲᠥᠰᠥᠯ︶ ᠢ ᠪᠠᠲᠤᠯᠠᠭᠠᠳ᠂ ᠨᠡᠷᠡᠰ ᠤᠨ ᠲᠥᠰᠥᠯ ᠢ ᠪᠦᠬᠦ | ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠦᠨ ᠪᠠᠲᠤᠯᠠᠭᠤᠯᠬᠤ ᠪᠠᠷ ᠲᠣᠭᠲᠠᠪᠠ᠃ |