ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠵᠤ ᠳ᠋ᠢ ᠷᠦᠢ ᠵᠧᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/2/18
     2 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠢᠵᠦ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠰᠣᠩᠭᠤᠪᠠ᠃     ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠳ᠋ᠢ ᠷᠦᠢ ᠵᠧᠨ᠂ ᠦ᠋ ᠴᠢᠩ ᠰᠢᠶᠠ᠂ ᠰᠦ᠋ ᠴᠠᠩ ᠯᠢᠶᠠᠩ᠂ ᠶᠠᠨ ᠵᠢᠶᠦ᠋ᠨ᠂ ᠯᠢᠦ ᠶᠠᠨ ᠮᠢᠨ᠂ ᠵᠠᠩ ᡁᠢ ᠵᠥᠩ᠂ ᠴᠧᠨ ᠶᠤᠸᠠᠢ ᠮᠧᠶ᠂ ᠰᠠᠷᠠᠨᠭᠡᠷᠡᠯ᠂ ᠵᠠᠩ ᠰᠢᠤ ᠸᠧᠨ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭ᠎ᠠ ᠰᠣᠯᠢᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃     ᠬᠤᠷᠠᠯ ᠢ ᠳ᠋ᠢ ᠷᠦᠢ ᠵᠧᠨ ᠡᠷᠭᠢᠯᠡᠪᠡ᠃      ᠲᠣᠰ ᠤᠳᠠᠭᠠᠨ ᠤ ᠬᠤᠷᠠᠯᠳᠤᠭᠠᠨ ᠳᠤ ᠣᠷᠤᠯᠴᠠᠬᠤ ᠶᠣᠰᠣᠲᠠᠢ ᠭᠡᠰᠢᠭᠦᠨ 285 ᠬᠥᠮᠥᠨ᠂ ᠪᠣᠳᠠᠲᠠᠢ ᠣᠷᠣᠯᠴᠠᠭᠰᠠᠨ ᠨᠢ 267 ᠬᠥᠮᠥᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃      ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ᠂ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃      ᠫᠢᠶᠣᠣ ᠥᠭᠴᠦ ᠰᠣᠩᠭᠤᠬᠤ ᠪᠠᠷ ᠳᠠᠮᠵᠢᠭᠠᠳ ᠳ᠋ᠢ ᠷᠦᠢ ᠵᠧᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠵᠤ᠂ ᠦ᠋ ᠴᠢᠩ ᠰᠢᠶᠠ᠂ ᠰᠦ᠋ ᠴᠠᠩ ᠯᠢᠶᠠᠩ᠂ ᠶᠠᠨ ᠵᠢᠶᠦ᠋ᠨ ᠂ ᠯᠢᠦ ᠶᠠᠨ ᠮᠢᠨ᠂ ᠵᠠᠩ ᡁᠢ ᠵᠦᠩ᠂ ᠴᠧᠨ ᠶᠤᠸᠠᠢ ᠮᠧᠢ᠂ ᠰᠠᠷᠠᠨᠭᠡᠷᠡᠯ᠂ ᠵᠠᠩ ᠰᠢᠤ ᠸᠧᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠵᠥᠪᠯᠡᠯ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠰᠦᠨ ᡁᠢ ᠴᠦᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ᠃ ᠶᠡᠭᠡ ᠬᠤᠷᠠᠯ ᠠᠴᠠ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠪᠠᠶᠠᠨᠨᠠᠭᠤᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 46 ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃    
ᠢᠷᠡᠯᠲᠡ᠄ ᠪᠠᠶᠠᠨᠨᠠᠭᠤᠷ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ