2019 ᠣᠨ ᠠᠴᠠ ᠨᠠᠰᠢ ᠨᠢᠬᠡᠨ ᠬᠠᠯᠠᠭᠤᠨ ᠰᠡᠳᠬᠢᠯᠳᠦ ᠠᠨᠢᠶ᠎ᠠ ᠶᠢᠨ ᠰᠠᠶᠢᠨ ᠲᠤᠷᠠᠳᠠᠨ ᠤ ᠠᠩᠭᠢ ᠪᠠᠶᠢᠭᠤᠯᠤᠭᠳᠠᠵᠤ᠂ ᠠᠩᠬ᠎ᠠ ᠡᠬᠢᠯᠡᠬᠦ ᠳᠤ ᠨᠢᠬᠡ | ᠬᠦᠮᠦᠨ ᠪᠠᠶᠢᠭᠰᠠᠨ ᠠᠴᠠ ᠤᠳᠤ ᠪᠤᠯᠬᠤ ᠳᠤ ᠵᠢᠷᠭᠤᠭᠠᠨ ᠬᠦᠮᠦᠨ ᠪᠤᠯᠤᠨ ᠨᠡᠮᠡᠭᠳᠡᠵᠦ᠂ ᠭᠠᠷᠠᠭ ᠤᠨ ᠰᠡᠬᠦᠯᠴᠢ᠂ ᠴᠢᠯᠦᠬᠡᠨ ᠤ ᠬᠤᠭᠤᠴᠠᠭᠠᠨ ᠳᠤ ᠬᠡᠷ ᠲᠡᠭᠡᠨ | ᠬᠤᠴᠤᠷᠠᠭᠰᠠᠨ ᠬᠡᠦᠬᠡᠳ ᠤᠳ ᠢ ᠬᠡᠷ ᠲᠡᠭᠡᠨ ᠠᠪᠴᠢᠷᠠᠬᠤ ᠪᠤᠶᠤ ᠬᠡᠷ ᠲᠤᠨᠢ ᠬᠦᠷᠴᠦ ᠪᠤᠳᠠᠭ᠎ᠠ ᠴᠠᠢ ᠬᠢᠵᠦ ᠢᠳᠡᠬᠦᠯᠬᠦ᠂ ᠬᠤᠪᠴᠠᠰᠤ ᠬᠤᠨᠠᠷ ᠢ ᠨᠢ ᠤᠬᠢᠶᠠᠵᠤ | ᠴᠡᠪᠡᠷᠯᠡᠨ᠂ ᠪᠤᠭᠴᠤ᠂ ᠠᠯᠠᠭᠠᠳᠠᠬᠤ ᠪᠦᠮᠪᠦᠭᠡ ᠵᠡᠷᠭᠡ ᠬᠡᠷᠡᠭᠯᠡᠬᠡᠨ ᠤ ᠡᠳ᠋ ᠪᠤᠳᠠᠰ ᠠᠪᠴᠤ ᠦᠭᠬᠦᠨ᠂ ᠲᠠᠳᠠᠨ ᠳᠤ ᠬᠤᠪᠢᠨᠴᠢᠷ ᠪᠤᠰᠤ ᠡᠬᠡ ᠶᠢᠨ ᠬᠠᠶᠢᠷ᠎ᠠ ᠶᠢ | ᠬᠦᠷᠳᠡᠬᠡᠨ᠂ ᠨᠡᠶᠢᠬᠡᠮ ᠨᠡᠶᠢᠳᠡ ᠶᠢᠨ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠬᠦᠯᠵᠦ᠂ ᠲᠡᠳᠡᠨ ᠤ ᠡᠷᠡᠭᠦᠯ ᠴᠢᠬᠢᠷᠠᠭ᠂ ᠪᠠᠶᠠᠷ ᠪᠠᠶᠠᠰᠬᠤᠯᠠᠩ ᠲᠠᠢ | ᠦᠰᠦᠨ ᠪᠤᠶᠢᠵᠢᠬᠤ ᠳᠤ ᠬᠠᠪᠰᠤᠷᠠᠮᠵᠢ ᠦᠵᠡᠬᠦᠯᠪᠡ᠃ | ᠬᠤᠩ ᠭᠤᠸᠠᠩ ᠲᠤᠰᠬᠤᠨ ᠤ ᠲᠢᠶᠠᠨ ᠬᠠᠨ ᠶᠠᠩ ᠠᠪᠤ ᠡᠵᠢ ᠨᠢ ᠤᠷᠤᠭ ᠰᠠᠯᠵᠣ᠂ ᠠᠪᠤ ᠨᠢ ᠡᠳᠦᠷᠵᠢᠨ ᠡᠪᠡᠳᠴᠢᠯᠡᠵᠦ ᠡᠮᠨᠡᠯᠬᠡ ᠳᠤ ᠰᠠᠭᠤᠵᠤ᠂ ᠠᠷᠭ᠎ᠠ | ᠪᠤᠰᠤ ᠡᠮᠡᠭᠡ ᠲᠠᠢ ᠪᠠᠨ ᠠᠮᠢᠳᠤᠷᠠᠵᠤ ᠪᠠᠶᠢᠪᠠ᠃ ᠵᠤᠤ ᠰᠠᠨ ᠯᠠᠨ ᠮᠡᠳᠡᠭᠰᠡᠨ ᠤ ᠲᠠᠷᠠᠭ᠎ᠠ ᠭᠠᠷᠠᠭ ᠤᠨ ᠰᠡᠬᠦᠯᠴᠢ᠂ ᠴᠢᠯᠦᠬᠡᠨ ᠤ ᠬᠤᠭᠤᠴᠠᠭᠠᠨ ᠳᠤ ᠬᠡᠷ ᠲᠡᠭᠡᠨ | ᠲᠤᠰᠴᠤ ᠠᠪᠴᠢᠷᠠᠨ ᠢᠳᠡᠬᠦᠯᠵᠦ ᠤᠤᠭᠤᠯᠭᠠᠨ ᠨᠢᠮᠪᠠᠢ ᠲᠤᠳᠤᠮᠳᠣᠨ᠂ ᠬᠠᠶᠢᠷ᠎ᠠ ᠬᠠᠯᠠᠮᠵᠢ ᠬᠦᠷᠳᠡᠬᠡᠨ ᠬᠡᠦᠬᠡᠳ ᠤᠨ ᠰᠡᠳᠬᠢᠯ ᠤᠨ ᠬᠦᠮᠦᠨ᠂ ᠰᠤᠷᠤᠯᠭ᠎ᠠ ᠶᠢᠨ | ᠵᠠᠮᠴᠢ᠂ ᠦᠰᠴᠦ ᠪᠤᠶᠢᠵᠢᠬᠤ ᠦᠶ᠎ᠡ ᠶᠢᠨ ᠬᠠᠮᠠᠭᠠᠯᠠᠭᠴᠢ ᠨᠢᠦ ᠪᠤᠯᠤᠭᠰᠠᠨ ᠪᠠᠶᠢᠨ᠎ᠠ᠃ ᠵᠤᠤ ᠰᠠᠨ ᠯᠠᠨ ᠮᠡᠳᠦ ᠬᠦᠮᠦᠨ ᠬᠤᠩ ᠭᠤᠸᠠᠩ ᠲᠤᠰᠬᠤᠨ ᠳᠤ ᠪᠠᠰᠠ | ᠲᠠᠪᠤᠨ ᠠᠨᠢᠶ᠎ᠠ ᠪᠠᠶᠢᠳᠠᠭ᠃ ᠲᠡᠳᠡ ᠰᠠᠶᠢᠨ ᠲᠤᠷ᠎ᠠ ᠠᠴᠠ ᠪᠠᠨ ᠬᠡᠷ ᠲᠡᠭᠡᠨ ᠬᠤᠴᠤᠷᠠᠭᠰᠠᠨ 4 ᠬᠡᠦᠬᠡᠳ ᠲᠠᠢ ᠬᠠᠪᠰᠤᠷᠠᠨ ᠲᠡᠳᠬᠦᠬᠦ ᠬᠤᠤᠰᠯᠠᠯ ᠪᠠᠶᠢᠭᠤᠯᠵᠤ | ᠠᠮᠢᠳᠤᠷᠠᠯ ᠰᠤᠷᠤᠯᠭ᠎ᠠ ᠲᠡᠭᠡᠷ᠎ᠡ ᠨᠢ ᠬᠠᠪᠰᠤᠷᠠᠯᠭ᠎ᠠ ᠦᠵᠡᠬᠦᠯᠵᠡᠢ᠃ |