ᠤᠷᠠᠳ ᠤᠨ ᠡᠮᠦᠨᠡᠳᠦ ᠬᠤᠰᠢᠭᠤᠨ ᠤ ᠰᠢᠶᠠᠨ ᠹᠧᠩ ᠪᠠᠯᠭᠠᠰᠤᠨ ᠤ ᠬᠦᠩ ᠤᠨ ᠰᠦᠮ᠎ᠡ ᠲᠤᠰᠬᠤᠨ ᠤ ᠲᠠᠷᠢᠶᠠᠨ ᠴᠢᠬᠢ ᠪᠤᠶᠢᠵᠢᠭᠤᠯᠬᠤ ᠰᠠᠭᠤᠷᠢᠨ ᠭᠠᠵᠠᠷ | ᠨᠢ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠴᠢᠬᠢ ᠪᠤᠶᠢᠵᠢᠭᠤᠯᠤᠨ ᠲᠠᠷᠢᠶᠠᠴᠢᠳ ᠤᠨ ᠬᠡᠷᠡᠭᠴᠡᠭᠡ ᠶᠢ ᠬᠠᠩᠭᠠᠵᠤ᠂ ᠬᠠᠪᠤᠷ ᠤᠨ ᠲᠠᠷᠢᠶᠠᠯᠠᠭ᠎ᠠ ᠳᠠᠭᠠᠨ | ᠪᠡᠯᠡᠳᠬᠡᠯ ᠬᠢᠵᠦ ᠪᠤᠢ᠃ ᠬᠦᠩ ᠤᠨ ᠰᠦᠮ᠎ᠡ ᠲᠤᠰᠬᠤᠨ ᠤ ᠪᠠᠢ ᠯᠢ ᠼᠦᠢ ᠭᠤᠸ᠎ᠠ ᠨᠢ ᠨᠢᠬᠡᠨᠳᠡ ᠰᠢᠶᠠᠨ ᠹᠧᠩ ᠪᠠᠯᠭᠠᠰᠤᠨ ᠤ ᠰᠢᠶᠠᠨ ᠹᠧᠩ ᠲᠤᠰᠬᠤᠨ ᠤ | ᠭᠤᠤᠯᠯᠠᠭᠴᠢ ᠠᠵᠤ ᠦᠢᠯᠡᠰ ᠪᠤᠯᠵᠤ᠂ ᠤᠷ᠎ᠠ ᠶᠢᠨ ᠤᠶᠢᠷ᠎ᠠ ᠶᠢᠨ ᠬᠤᠶᠠᠷ ᠵᠢᠯ ᠳᠤ ᠲᠠᠷᠢᠮᠠᠯ ᠤᠨ ᠬᠡᠪᠴᠢᠶ᠎ᠠ ᠪᠠᠨ ᠦᠷᠭᠡᠳᠬᠡᠭᠰᠡᠨ ᠠᠴᠠ ᠨᠢᠯᠬ᠎ᠠ ᠴᠢᠬᠢ ᠶᠢᠨ | ᠱᠠᠭᠠᠷᠳᠠᠯᠭ᠎ᠠ ᠶᠡᠭᠡᠳᠴᠦ᠂ 2021 ᠣᠨ ᠳᠤ ᠰᠢᠶᠠᠨ ᠹᠧᠩ ᠪᠠᠯᠭᠠᠰᠤ ᠢᠳᠡᠪᠬᠢᠳᠡᠢ ᠬᠦᠳᠡᠯᠦᠯᠴᠡᠨ᠂ ᠶᠠᠳᠠᠭᠤ ᠶᠢ ᠲᠡᠳᠬᠦᠬᠦ ᠪᠡᠯᠡ ᠮᠦᠩᠭᠦ 250 ᠲᠦᠮᠡᠨ | ᠲᠦᠬᠦᠷᠢᠭ ᠤᠷᠤᠭᠤᠯᠵᠤ᠂ ᠰᠠᠭᠤᠷᠢᠨ ᠭᠠᠵᠠᠷ ᠨᠢ ᠦᠪᠡᠷᠳᠡᠬᠡᠨ100 ᠲᠦᠮᠡᠨ ᠲᠦᠬᠦᠷᠢᠭ ᠴᠤᠭᠯᠠᠭᠤᠯᠵᠤ᠂ 6 ᠬᠦᠯᠡᠮᠵᠢ ᠪᠠᠶᠢᠭᠤᠯᠤᠨ ᠰᠢᠶᠠᠨ ᠹᠧᠩ ᠪᠠᠯᠭᠠᠰᠤ | ᠶᠢᠨ ᠠᠩᠬᠠᠳᠠᠭᠴᠢ ᠦᠪᠡᠷᠳᠡᠬᠡᠨ ᠪᠠᠶᠢᠭᠤᠯᠤᠭᠰᠠᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠪᠤᠯᠵᠤ᠂ ᠲᠤᠰ ᠭᠠᠵᠠᠷ ᠤᠨ ᠲᠠᠷᠢᠶᠠᠴᠢᠳ ᠤᠨ ᠲᠠᠷᠢᠮᠠᠯ ᠤᠨ | ᠬᠡᠷᠡᠭᠴᠡᠭᠡ ᠶᠢ ᠬᠠᠩᠭᠠᠭᠰᠠᠨ ᠪᠠᠷ ᠪᠠᠷᠠᠬᠤ ᠦᠬᠡᠢ ᠲᠡᠭᠡᠭᠡᠪᠦᠷᠢ ᠶᠢᠨ ᠵᠠᠷᠤᠳᠠᠯ ᠢ ᠠᠷᠪᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠲᠤ ᠬᠦᠴᠦᠨ ᠨᠡᠮᠡᠷᠢᠯᠡᠵᠦ | ᠲᠡᠮᠵᠢᠯᠬᠡ ᠦᠵᠡᠬᠦᠯᠦᠭᠰᠡᠨ ᠪᠠᠶᠢᠨ᠎ᠠ᠃ |