ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠬᠠᠤᠯᠢ ᠰᠠᠬᠢᠯᠭ᠎ᠠ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ | ᠰᠦᠷᠳᠡᠭᠦᠯᠬᠦ ᠪᠠ ᠰᠡᠷᠡᠮᠵᠢᠯᠡᠭᠦᠯᠬᠦ ᠬᠥᠮᠦᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 9 ᠤ ᠡᠳᠦᠷ᠂ ᠶᠡᠭᠡ | ᠰᠢᠬᠡᠳᠡᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠬᠡᠷᠡᠭ ᠢᠶᠠᠷ ᠲᠣᠯᠢ ᠪᠣᠯᠭᠠᠬᠤ᠂ ᠬᠡᠷᠡᠭ ᠢᠶᠠᠷ ᠥᠭᠡᠷᠡᠴᠢᠯᠡᠬᠦ ᠶᠢ ᠠᠬᠢᠭᠤᠯᠬᠤ ᠶᠢ ᠲᠤᠪᠤᠶᠢᠯᠭᠠᠵᠦ᠂ | ᠪᠦᠬᠦ ᠤᠳᠤᠷᠢᠳᠬᠤ ᠺᠠᠳ᠋ᠷᠴᠤᠳ ᠲᠤ ︽ᠰᠡᠷᠡᠮᠵᠢᠯᠡᠭᠦᠯᠬᠦ ᠬᠢᠴᠢᠶᠡᠯ︾ ᠢ ᠰᠠᠶᠢᠲᠤᠷ ᠣᠷᠣᠭᠤᠯᠵᠠᠢ᠃ | ᠬᠤᠷᠠᠯ ᠳᠡᠭᠡᠷ᠎ᠡ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠵᠧᠨ ︽ᠤᠷᠠᠳ ᠤᠨ ᠡᠮᠦᠨᠡᠲᠦ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠦᠴᠦᠨ ᠦᠭᠡᠢ ᠪᠠᠶᠢᠬᠤ ᠠᠰᠠᠭᠤᠳᠠᠯ ᠤᠨ ᠲᠤᠬᠠᠢ ᠮᠡᠳᠡᠭᠳᠡᠯ︾ ᠪᠣᠯᠣᠨ ︽ᠤᠷᠠᠳ ᠤᠨ ᠡᠮᠦᠨᠡᠲᠦ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠢᠨ᠎ᠡ ᠲᠢᠳᠢᠮᠯᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠨᠡᠶᠢᠲᠡᠯᠢᠭ ᠬᠡᠷᠡᠭ ᠤᠨ ᠲᠤᠬᠠᠢ ᠮᠡᠳᠡᠭᠳᠡᠯ︾ ᠤᠨ ᠬᠤᠶᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠤᠯᠠᠮᠵᠢᠯᠠᠵᠠᠢ᠃ | ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠵᠤ᠂ ᠪᠠᠯᠭᠠᠰᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ ᠸᠠᠩ ᠵᠧᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠤᠶᠤᠨ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠠᠵᠢᠯ ᠤᠨ ᠢᠯᠡᠳᠬᠡᠯ ᠢ ᠲᠠᠭᠠᠭᠤᠯᠤᠨ ᠰᠤᠷᠤᠯᠴᠠᠪᠠ᠃ | | | |