ᠤᠷᠠᠳ ᠤᠨ ᠡᠮᠦᠨᠡᠲᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ IV | ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠭᠰᠠᠨ ᠠᠴᠠ ᠨᠠᠰᠢ᠂ ᠮᠠᠨ ᠤ ᠬᠤᠰᠢᠭᠤ ᠨᠢᠭᠡᠨᠲᠡ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ | ᠵᠢᠷᠤᠮ ᠢᠶᠠᠨ ᠰᠡᠷᠭᠦᠭᠡᠭᠰᠡᠨ ᠪᠠᠶᠢᠨ᠎ᠠ᠃ ᠭᠡᠪᠡᠴᠦ ᠪᠥᠬᠦ ᠤᠯᠤᠰ ᠤᠨ ᠡᠯ᠎ᠡ ᠭᠠᠵᠠᠷ ᠲᠤ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠᠰᠠ | ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ | ᠳᠠᠷᠤᠯᠲᠠ ᠮᠥᠨ ᠬᠦ ᠮᠠᠰᠢ ᠶᠡᠭᠡ ᠪᠠᠶᠢᠨ᠎ᠠ᠂ ᠡᠨᠡ ᠬᠦ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤ | ᠰᠠᠬᠢᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠥᠨᠳᠥᠷ ᠪᠦᠲᠦᠮᠵᠢᠲᠡᠶ | ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠢᠨᠠᠯᠲᠠ | ᠪᠠᠶᠢᠴᠠᠭᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠪᠠᠨ ᠪᠣᠳᠠᠲᠠᠶᠢᠵᠢᠭᠤᠯᠤᠨ ᠨᠠᠷᠢᠰᠬᠠᠵᠤ ᠪᠠᠶᠢᠨ᠎ᠠ᠃ | 3 ᠰᠠᠷ᠎ᠠ ᠶᠢᠨ 12 ᠤᠨ ᠡᠳᠦᠷ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ 2 ᠳᠤᠭᠤᠶᠢᠯᠠᠩ ᠲᠣᠮᠢᠯᠠᠵᠤ᠂ ᠡᠯ᠎ᠡ ᠵᠠᠮ ᠬᠠᠷᠢᠯᠴᠠᠭᠠᠨ ᠤ ᠪᠣᠭᠤᠮᠲᠠ ᠴᠡᠭ ᠲᠤ ᠠᠩᠬᠠᠷᠤᠯ ᠢᠶᠠᠨ | ᠲᠥᠪᠯᠡᠷᠡᠭᠦᠯᠵᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠷᠭ᠎ᠠ ᠬᠡᠯᠪᠡᠷᠢ ᠶᠢ ᠠᠪᠴᠤ᠂ ᠡᠯ᠎ᠡ ᠬᠤᠷᠢᠭ᠎ᠠ ᠴᠡᠭ ᠲᠤ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠵᠢᠭᠠᠪᠤᠷᠢ ᠶᠢᠨ ᠱᠠᠭᠠᠷᠳᠠᠯᠭ᠎ᠠ ᠶᠢ ᠰᠠᠶᠢᠲᠤᠷ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠡᠰᠡᠬᠦ᠂ ᠠᠵᠢᠯᠲᠠᠳ ︽ᠬᠤᠶᠠᠷ ᠺᠣᠳ᠋ ᠨᠢᠭᠡ ᠦᠨᠡᠮᠯᠡᠯ︾ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠭᠰᠠᠨ ᠡᠰᠡᠬᠦ᠂ | ᠬᠤᠲᠠ ᠶᠢᠨ ᠭᠠᠳᠠᠨ᠎ᠠ ᠬᠤᠰᠢᠭᠤᠨ ᠳᠤ ᠣᠷᠣᠵᠤ ᠢᠷᠡᠭᠰᠡᠨ ᠬᠥᠮᠥᠰ ᠤᠨ ᠨᠣᠮᠧᠷ ᠢ ᠰᠢᠷᠪᠢᠵᠦ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ | ᠡᠰᠡᠬᠦ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠦᠷᠨᠢᠬᠦᠯᠪᠡ᠃ ᠡᠭᠦᠨ ᠤ ᠬᠠᠮᠲᠤ ᠬᠤᠰᠢᠭᠤᠨ ᠳᠣᠲᠣᠷᠠᠬᠢ ᠡᠯ᠎ᠡ ᠵᠠᠮ ᠬᠠᠷᠢᠯᠴᠠᠭᠠᠨ ᠤ ᠪᠣᠭᠤᠮᠲᠠ ᠳᠤ | ᠠᠵᠢᠯ ᠤᠨ ᠰᠠᠨᠠᠭᠤᠯᠭ᠎ᠠ ᠶᠢᠨ ᠪᠢᠴᠢᠭ ᠶᠠᠪᠤᠭᠤᠯᠵᠤ᠂ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠨᠢᠭᠡᠴᠡ ᠳᠤ ᠠᠵᠢᠯ ᠤᠨ ᠬᠦᠴᠦᠨ ᠢᠶᠠᠨ ᠵᠣᠬᠢᠰᠲᠠᠢ | ᠲᠣᠬᠢᠷᠠᠭᠤᠯᠤᠨ᠂ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠪᠠ᠃ | |