ᠵᠢᠯ ᠤᠨ ᠠᠵᠢᠯ ᠬᠠᠪᠤᠷ ᠲᠠᠭᠠᠨ ᠬᠡᠳᠡᠭ ᠢᠶᠠᠷ᠂ ᠣᠳᠣᠬᠠᠨ ᠪᠣᠯ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠴᠠᠭ ᠪᠣᠯᠣᠨ᠎ᠠ᠃ ᠣᠷᠠᠳ ᠤᠨ ᠡᠮᠦᠨᠡᠲᠦ | ᠬᠤᠰᠢᠭᠤᠨ ᠤ ᠶᠡᠭᠡ ᠰᠢᠭᠡᠲᠡᠢ ᠪᠠᠯᠭᠠᠰᠤ ᠶᠢᠨ ᠬᠢᠨ ᠲᠠᠷᠢᠶᠠᠯᠠᠩ ᠤᠨ ᠴᠠᠭ ᠢ ᠰᠢᠨᠵᠢᠵᠤ᠂ ᠪᠡᠯᠡᠳᠬᠡᠯ ᠠᠵᠢᠯ ᠢᠶᠠᠨ ᠰᠠᠶᠢᠲᠣᠷ ᠬᠢᠵᠤ᠂ ᠤᠨᠴᠠᠯᠢᠭᠳᠤ ᠲᠠᠷᠢᠮᠠᠯ᠂ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠳᠤ ᠪᠠᠶᠢᠷᠢᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠦᠢᠯᠡᠳᠪᠦᠷᠢᠯᠡᠯ ᠪᠣᠯᠤᠨ ᠬᠠᠪᠤᠷ ᠤᠨ ᠤᠯᠠᠷᠢᠯ ᠤᠨ ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠯᠠᠪᠳᠠᠭᠤᠨ | ᠪᠠᠲᠤᠲᠠᠢ ᠦᠷᠨᠢᠭᠦᠯᠵᠤ ᠪᠠᠶᠢᠨ᠎ᠠ᠃ | ᠣᠶᠢᠷ᠎ᠠ ᠳᠤ᠂ ᠲᠤᠰ ᠪᠠᠯᠭᠠᠰᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠣᠬᠠᠢ ᠲᠤᠰᠬᠠᠶ ᠰᠡᠳᠦᠪ ᠢᠶᠠᠷ ᠬᠤᠷᠠᠯ ᠬᠢᠵᠤ᠂ ᠥᠷᠭᠡᠨ ᠤᠯᠠᠨ ᠺᠠᠳ᠋ᠷ | ᠤᠯᠠᠨ ᠲᠦᠮᠡᠨ ᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠨᠵᠡᠭᠡᠶᠢᠷᠡᠨ᠂ ᠪᠠᠯᠭᠠᠰᠤ᠂ ᠲᠣᠰᠬᠤᠨ᠂ | ᠳᠤᠭᠤᠶᠢᠯᠠᠩ ᠭᠤᠷᠪᠠᠨ ᠱᠠᠲᠤᠨ ᠤ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠲᠤᠰᠬᠠᠢ ᠠᠩᠬᠢ ᠪᠠᠶᠢᠭᠤᠯᠵᠤ᠂ ᠪᠦᠬᠦ ᠪᠠᠯᠭᠠᠰᠤᠨ ᠤ | ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠡᠭᠦᠷᠭᠡ ᠶᠢ ᠪᠦᠬᠦ ᠲᠠᠯ᠎ᠠ ᠪᠠᠷ ᠠᠬᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠡᠯᠡᠳᠬᠡᠯ ᠠᠵᠢᠯ ᠢ | ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠣᠶᠢᠷ᠎ᠠ ᠶᠢᠨ ᠬᠡᠳᠣᠨ ᠵᠢᠯ ᠠᠴᠠ᠂ ᠶᠡᠭᠡ ᠰᠢᠭᠡᠲᠡᠢ ᠪᠠᠯᠭᠠᠰᠤ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠢ | ᠳᠡᠭᠡᠭᠰᠢᠯᠡᠭᠦᠯᠬᠦ ᠪᠠᠷ ᠭᠠᠷᠳᠠᠴᠠ ᠪᠠᠨ ᠪᠣᠯᠭᠠᠵᠤ᠂ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠪᠣᠷᠣᠯᠠᠭᠤᠯᠬᠤ ᠠᠷᠭ᠎ᠠ ᠪᠠᠷ ᠳᠠᠮᠵᠢᠭᠤᠯᠤᠨ᠂ | ᠲᠠᠷᠢᠶᠠᠴᠢᠳ ᠤᠨ ᠮᠡᠷᠭᠡᠵᠢᠯ ᠤᠨ ᠬᠢᠷᠢ ᠲᠦᠪᠰᠢᠨ ᠪᠠ ᠠᠵᠢᠯᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠬᠦᠯᠦᠭᠰᠡᠨ ᠪᠠᠶᠢᠨ᠎ᠠ᠃ ᠪᠠᠯᠭᠠᠰᠣᠨ ᠠᠴᠠ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠤᠷᠢᠵᠤ᠂ ᠪᠥᠬᠦ ᠬᠤᠰᠢᠭᠤᠨ ᠳᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠮᠡᠷᠭᠡᠵᠢᠯ ᠤᠨ | ᠪᠣᠯᠪᠠᠰᠤᠷᠠᠭᠤᠯᠤᠯ ᠢ ᠥᠷᠨᠢᠭᠦᠯᠵᠦ᠂ ︽ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ︾ ᠢ ᠰᠠᠶᠢᠲᠤᠷ ᠡᠷᠭᠢᠯᠡᠬᠦ ᠪᠠᠷ ᠳᠠᠮᠵᠢᠭᠤᠯᠤᠨ᠂ ᠬᠠᠨᠳᠤᠯᠭᠠᠲᠤ ᠴᠢᠨᠠᠷᠲᠠᠶ ᠪᠠᠷ | ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ ᠶᠢᠨ ᠬᠠᠮᠲᠤ ᠪᠰᠠ ᠲᠠᠷᠢᠶᠠᠴᠢᠨ ᠡᠷᠦᠬᠡ ᠳᠤ ᠭᠦᠨᠵᠡᠭᠡᠶᠢᠷᠡᠭᠦᠯᠦᠨ᠂ ᠦᠯᠡᠳᠡᠭᠳᠡᠯ ᠪᠦᠷᠬᠦᠪᠴᠢ ᠶᠢ | ᠬᠤᠷᠢᠶᠠᠨ ᠠᠪᠬᠤ᠂ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ᠂ ᠲᠠᠷᠢᠶᠠᠴᠢᠳ ᠲᠤ ᠠᠰᠢᠭ ᠬᠦᠷᠲᠡᠭᠡᠬᠦ ᠵᠡᠷᠭᠡ ᠲᠥᠷᠥ ᠶᠢᠨ ᠪᠣᠳᠣᠯᠭ᠎ᠠ ᠶᠢ | ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠣᠯᠠᠨ ᠲᠦᠮᠡᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠬᠤᠤᠷ ᠬᠥᠨᠥᠭᠡᠯᠲᠦ ᠴᠢᠨᠠᠷ ᠤᠨ ᠲᠤᠬᠠᠶ | ᠲᠠᠨᠢᠯᠲᠠ ᠶᠢ ᠳᠡᠭᠡᠭᠰᠢᠯᠡᠬᠦᠯᠪᠡ᠃ ᠬᠠᠪᠤᠷ ᠤᠨᠲ᠋ᠠᠷᠢᠶᠠᠯᠠᠭᠠ ᠶᠢᠨ ᠳᠠᠷᠤᠭᠠᠰᠤ ᠶᠢ ᠬᠥᠩᠭᠡᠷᠡᠭᠦᠯᠵᠦ᠂ ᠲᠠᠷᠢᠶᠠᠴᠢᠨ ᠡᠷᠦᠭᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡ | ᠮᠥᠩᠭᠦ ᠶᠢ ᠪᠠᠲᠤᠯᠠᠬᠤ ᠶᠢᠨ ᠲᠥᠯᠥᠭᠡ᠂ ᠲᠤᠰ ᠪᠠᠯᠭᠠᠰᠣᠨ ᠠᠴᠠ ᠪᠠᠩᠬᠢ ᠢᠲᠡᠭᠡᠮᠵᠢ ᠶᠢᠨ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ᠂ ᠲᠠᠷᠢᠶᠠᠴᠢᠳ ᠢ | ᠬᠠᠪᠰᠤᠷᠤᠨ ᠵᠢᠭᠡᠯᠡᠯᠭᠡ ᠲᠠᠯᠪᠢᠵᠤ᠂ ᠥᠷᠭᠡᠨ ᠤᠯᠠᠨ ᠲᠠᠷᠢᠶᠠᠴᠢᠨ ᠡᠷᠦᠭᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ |