ᠪᠠᠭ᠎ᠠ ᠰᠢᠭᠡᠲᠡᠢ ᠪᠠᠯᠭᠠᠰᠤ  ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/3/15
     ᠡᠭᠡᠯᠢᠯᠡᠭᠡ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠶᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢᠯᠠᠬᠤ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ ᠳᠡᠭᠡᠳᠦ ᠱᠠᠲᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠷᠠᠳ ᠤᠨ ᠡᠮᠦᠨᠡᠲᠤ ᠬᠤᠰᠢᠭᠤᠨ ᠤ ᠪᠠᠭ᠎ᠠ ᠰᠢᠭᠡᠲᠡᠢ ᠪᠠᠯᠭᠠᠰᠣᠨ ᠤ ᠺᠠᠳ᠋ᠷᠴᠤᠳ ᠲᠦᠷᠭᠡᠨ ᠬᠦᠳᠦᠯᠦᠯᠴᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠢ ᠰᠠᠶᠢᠲᠣᠷ ᠬᠢᠵᠣ ᠪᠠᠶᠢᠨ᠎ᠠ᠃     3 ᠰᠠᠷ᠎ᠠ ᠶᠢᠨ 6 ᠤ ᠡᠳᠦᠷ ᠠᠴᠠ ᠡᠬᠢᠯᠡᠨ᠂ ᠪᠠᠭ᠎ᠠ ᠰᠢᠭᠡᠲᠡᠢ ᠪᠠᠯᠭᠠᠰᠣ ᠶᠢᠨ ᠬᠢᠨ ᠪᠦᠬᠦᠯᠢ ᠠᠷᠪᠠᠨ ᠨᠠᠢᠮᠠᠨ ᠨᠠᠰᠤ ᠭᠦᠷᠦᠭᠰᠡᠨ ᠮᠦᠷᠲᠡᠭᠡᠨ ᠬᠤᠶᠠᠳᠠᠭᠢ ᠲᠠᠷᠢᠯᠭ᠎ᠠ ᠶᠢᠨ ᠸᠠᠺᠼᠢᠨ ᠢᠶᠠᠨ ᠲᠠᠷᠢᠭᠠᠳ ᠪᠦᠬᠦᠯᠢ 6 ᠰᠠᠷ᠎ᠠ ᠪᠣᠯᠤᠭᠰᠠᠨ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠴᠢᠩᠭᠠᠳᠬᠠᠬᠤ ᠲᠠᠷᠢᠯᠭ᠎ᠠ ᠬᠢᠯᠭᠡᠵᠦ ᠡᠬᠢᠯᠡᠭᠰᠡᠨ ᠪᠠᠶᠢᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠯᠭᠠᠰᠣᠨ ᠤ ᠺᠠᠲᠷᠴᠣᠳ ᠠᠷᠠᠳ ᠢ ᠵᠣᠬᠢᠶᠠᠨ ᠪᠠᠶᠢᠭᠤᠯᠵᠤ᠂ ᠺᠣᠳ᠋ ᠰᠢᠷᠪᠢᠵᠤ᠂ ᠳᠡᠩᠰᠡᠯᠡᠨ ᠲᠡᠮᠳᠡᠭᠯᠡᠵᠦ᠂ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠲᠦᠭᠡᠮᠡᠯᠵᠢᠯᠡᠬᠦᠯᠦᠨ ᠣᠯᠠᠨ ᠲᠦᠮᠡᠨ ᠤ ᠸᠠᠺᠼᠢᠨ ᠤ ᠲᠠᠷᠢᠯᠭ᠎ᠠ ᠶᠢᠨ ᠲᠤᠬᠠᠢ ᠡᠷᠡᠭᠡᠯᠵᠡᠭᠡ ᠶᠢ ᠠᠷᠢᠯᠭᠠᠪᠠ᠃     ᠲᠠᠷᠠᠭᠠᠴᠢ ᠶᠢᠨ ᠠᠯᠬᠤᠮ ᠳᠤ᠂ ᠪᠠᠭ᠎ᠠ ᠰᠢᠭᠡᠲᠡᠢ ᠪᠠᠯᠭᠠᠰᠤ ᠦᠷᠭᠦᠯᠵᠢᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ ᠪᠣᠳᠠᠲᠠᠢ ᠨᠠᠶᠢᠳᠠᠪᠣᠷᠢᠵᠢᠭᠤᠯᠵᠣ᠂ ᠨᠠᠩ ᠣᠯᠠᠨ ᠬᠥᠮᠥᠰ ᠲᠤ ᠡᠭᠡᠯᠢᠯᠡᠭᠡ ᠶᠢᠨ ᠴᠢᠳᠠᠪᠤᠷᠢ ᠶᠢ ᠣᠯᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠡᠯᠢᠯᠡᠭᠡ ᠶᠢᠨ ᠬᠠᠯᠬᠠᠪᠴᠢ ᠶᠢ ᠪᠦᠬᠦ ᠬᠦᠴᠦᠨ ᠢᠶᠠᠷ ᠪᠠᠨ ᠪᠠᠶᠢᠭᠤᠯᠬᠤ ᠪᠠᠷ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ