ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠰᠤᠳᠠᠯ ᠤᠨ ᠬᠤᠳᠳᠤᠭ ᠪᠠᠯᠭᠠᠰᠤ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠭᠠᠷᠳᠠᠨ ᠪᠠᠶᠢᠴᠠᠭᠠᠬᠤ ᠵᠢᠴᠢ | ᠠᠮᠢ ᠠᠬᠤᠢ ᠶᠢᠨ ᠤᠷᠴᠢᠨ ᠲᠤᠭᠤᠷᠢᠨ ᠤ ᠭᠤᠤᠯᠳᠠᠯᠠᠭ᠎ᠠ ᠲᠠᠢ ᠬᠦᠷᠢᠶ᠎ᠡ᠂ ᠭᠤᠤᠯᠳᠠᠯᠠᠭ᠎ᠠ ᠲᠠᠢ ᠠᠵᠢᠯ ᠢ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠨ ᠰᠤᠳᠤᠯᠵᠤ | ᠪᠠᠶᠢᠷᠢᠯᠠᠭᠤᠯᠤᠭᠰᠠᠨ ᠪᠠᠶᠢᠨ᠎ᠠ᠃ | ᠲᠤᠰ ᠪᠠᠯᠭᠠᠰᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠢ ᠱᠠᠭᠠᠷᠳᠠᠨ ᠪᠠᠶᠢᠴᠠᠭᠠᠬᠤ ᠭᠤᠤᠯᠳᠠᠯᠠᠭᠠᠳᠤ ᠴᠢᠨᠠᠷ᠂ ᠲᠤᠯᠭᠠᠮ᠎ᠠ ᠴᠢᠨᠠᠷ ᠢ | ᠬᠦᠢᠴᠡᠳ ᠲᠠᠨᠢᠵᠤ᠂ ᠲᠠᠷᠤᠢ ᠲᠦᠷᠬᠡᠨ ᠬᠦᠳᠡᠯᠦᠯᠴᠡᠵᠦ᠂ ᠨᠠᠮ ᠵᠠᠰᠠᠭ ᠤᠨ ᠬᠤᠯᠪᠤᠭᠠᠳᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠡᠭᠡᠳᠦ ᠱᠠᠳᠣᠨ ᠤ ᠰᠠᠯᠠᠭ᠎ᠠ | ᠮᠦᠴᠢᠷ ᠤᠨ ᠲᠦᠰᠦᠯ ᠲᠦᠯᠦᠪᠯᠡᠭᠡ ᠶᠢ ᠨᠠᠷᠢᠨ ᠬᠢᠨᠠᠮᠠᠭᠠᠢ ᠰᠤᠷᠤᠯᠴᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠡᠯ᠎ᠡ ᠬᠦᠷᠢᠶ᠎ᠡ ᠡᠯ᠎ᠡ ᠲᠦᠷᠦᠯ ᠤᠨ ᠠᠵᠢᠯ | ᠤᠨ ᠪᠤᠳᠠᠳᠤ ᠪᠠᠶᠢᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠵᠠᠳᠠᠯᠤᠨ ᠮᠠᠭᠠᠳᠯᠠᠵᠤ᠂ ᠠᠵᠢᠯ ᠤᠨ ᠡᠭᠦᠷᠬᠡ ᠬᠠᠷᠢᠭᠤᠴᠠᠯᠭ᠎ᠠ ᠪᠠᠨ ᠲᠤᠳᠤᠷᠬᠠᠶᠢᠯᠠᠵᠠᠢ᠃ | ᠪᠠᠯᠭᠠᠰᠤᠨ ᠤ ᠭᠤᠤᠯ ᠣᠳᠣᠷᠢᠳᠣᠯᠭ᠎ᠠ ᠲᠤᠯᠤᠭᠠᠶᠢᠯᠠᠨ᠂ ᠡᠯ᠎ᠡ ᠬᠦᠷᠢᠶᠡᠨ ᠤ ᠬᠤᠪᠢᠶᠠᠨ ᠬᠠᠷᠢᠭᠤᠴᠠᠬᠤ ᠤᠳᠤᠷᠢᠳᠤᠯᠭ᠎ᠠ ᠨᠢᠬᠡᠳᠦᠯᠳᠡᠢ ᠲᠦᠯᠦᠪᠵᠢᠬᠦᠯᠵᠦ᠂ | ᠦᠷᠳᠡᠭᠡ ᠠᠯᠪᠠᠨ ᠬᠡᠷ ᠭᠠᠵᠠᠷ ᠤᠨ ᠲᠠᠷᠤᠭ᠎ᠠ ᠵᠢᠴᠢ ᠡᠯ᠎ᠡ ᠲᠤᠰᠬᠤᠨ ᠤ ᠨᠠᠮ ᠤᠨ ᠡᠬᠦᠷ ᠤᠨ ᠱᠦᠵᠢ ᠬᠡᠷᠡᠭᠵᠢᠬᠦᠯᠬᠦ ᠤᠳᠤᠷᠢᠳᠬᠤ ᠲᠤᠭᠤᠶᠢᠯᠠᠩ ᠢ ᠪᠠᠶᠢᠭᠤᠯᠵᠤ | ᠠᠵᠢᠯ ᠤᠨ ᠲᠦᠯᠦᠪᠯᠡᠭᠡ ᠲᠤᠭᠳᠠᠭᠠᠨ ᠬᠡᠷᠡᠭᠵᠢᠬᠦᠯᠪᠠ᠃ ᠡᠯ᠎ᠡ ᠠᠵᠢᠯ ᠤᠨ ᠲᠤᠭᠤᠶᠢᠯᠠᠩ ᠨᠢ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠭᠤᠤᠯᠳᠠᠯᠠᠭ᠎ᠠ ᠶᠢ | ᠠᠳᠬᠤᠨ᠂ ᠲᠤᠳᠠᠭᠤᠳᠠᠯ ᠢᠶᠠᠨ ᠨᠦᠬᠦᠪᠦᠷᠢᠯᠡᠵᠦ᠂ ᠠᠵᠢᠯ ᠢᠶᠠᠨ ᠡᠷᠴᠢᠮᠳᠠᠢ ᠶᠠᠪᠤᠭᠳᠠᠭᠤᠯᠬᠤ ᠪᠠᠷ ᠴᠢᠷᠮᠠᠶᠢᠵᠤ ᠪᠠᠶᠢᠨ᠎ᠠ᠃ |