ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2022/3/23
     ᠡᠮᠦᠨᠡᠳᠦ ᠬᠤᠰᠢᠭᠤᠨ ᠤ ᠰᠢᠶᠠᠨ ᠹᠧᠩ ᠪᠠᠯᠭᠠᠰᠤᠨ ᠤ ᡁᠢ ᠰᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠬᠢᠨ ᠡᠨᠡ ᠬᠤᠶᠠᠷ ᠡᠳᠦᠷ ᠨᠠᠰᠢ ᠴᠠᠰᠢ ᠶᠠᠪᠤᠵᠤ᠂ ᠴᠥᠭᠡᠨ ᠪᠤᠰᠤ ᠲᠣᠰᠬᠤᠨ ᠤ ᠠᠷᠠᠳ ᠰᠠᠨᠠᠭᠠᠴᠢᠯᠠᠭ᠎ᠠ ᠠᠴᠠ ᠪᠠᠨ ᠬᠤᠷᠰᠢᠶᠠᠵᠢᠯ ᠤᠨ ᠬᠠᠷᠢᠭᠤᠴᠠᠯᠭᠠᠲᠠᠨ ᠬᠤᠸ ᠵᠢᠶᠦ᠋ᠨ ᠠᠴᠠ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠲᠤᠬᠠᠢ ᠠᠰᠠᠭᠤᠨ ᠯᠠᠪᠯᠠᠭᠰᠠᠨ ᠪᠥᠭᠡᠳ ᠬᠤᠷᠰᠢᠶᠠᠵᠢᠯ ᠲᠠᠢ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠭᠡᠷ᠎ᠡ ᠲᠣᠭᠲᠠᠭᠰᠠᠨ ᠪᠠᠶᠢᠨ᠎ᠠ᠃ ᠨᠢᠳᠤᠨᠤᠨ᠂ ᠲᠣᠰ ᠬᠤᠷᠰᠢᠶᠠᠨ ᠤ ᠨᠠᠶᠢᠳᠠᠯᠭ᠎ᠠ ᠪᠠᠷ ᠬᠠᠮᠢᠶᠠᠷᠤᠭᠰᠠᠨ 1000 ᠭᠠᠷᠤᠢ ᠮᠦ ᠭᠠᠵᠠᠷ ᠰᠢᠷᠣᠢ ᠶᠢᠨ ᠮᠦ ᠪᠦᠷᠢ ᠶᠢᠨ ᠣᠷᠣᠯᠭ᠎ᠠ ᠨᠢ ᠳᠤᠮᠳᠠᠴᠢ ᠪᠠᠷ 200 ᠭᠠᠷᠤᠢ ᠲᠥᠭᠦᠷᠢᠭ ᠨᠡᠮᠡᠭᠳᠡᠵᠦ᠂ ᠲᠠᠷᠢᠶᠠᠴᠢᠨ ᠡᠷᠦᠬᠡ ᠳᠤ ᠭᠠᠵᠠᠷ ᠰᠢᠷᠣᠢ ᠶᠢᠨ ᠨᠠᠶᠢᠳᠠᠯᠭ᠎ᠠ ᠪᠠᠷ ᠬᠠᠮᠢᠶᠠᠷᠤᠭᠤᠯᠤᠭᠰᠠᠨ ᠠᠮᠲᠠ ᠶᠢ ᠡᠳ᠋ᠯᠡᠭᠦᠯᠦᠭᠰᠡᠨ ᠪᠥᠭᠡᠳ ᠤᠯᠠᠮ ᠠᠴᠠ ᠤᠯᠠᠮ ᠣᠯᠠᠨ ᠲᠠᠷᠢᠶᠠᠴᠢᠨ ᠡᠷᠦᠬᠡ ᠶᠢᠨ ᠵᠥᠪᠰᠢᠶᠡᠷᠡᠯ ᠢ ᠣᠯᠣᠭᠰᠠᠨ ᠪᠠᠶᠢᠨ᠎ᠠ᠃     ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᡁᠢ ᠰᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠥᠪᠥᠷ ᠮᠣᠩᠭᠤᠯ ᠤᠨ ᠱᠦᠸᠧ ᠾᠧ ᠾᠧ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠳᠤ ᠳᠠᠷᠢᠬᠤ ᠠᠴᠠ ᠬᠤᠷᠢᠶᠠᠬᠤ ᠬᠦᠷᠲᠡᠯᠡᠬᠢ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠵᠤ᠂ ᠪᠦᠬᠦ ᠶᠠᠪᠤᠴᠠ ᠶᠢᠨ ᠬᠡᠪᠴᠢᠶᠡᠵᠢᠭᠰᠡᠨ᠂ ᠡᠷᠴᠢᠮᠵᠢᠭᠰᠡᠨ᠂ ᠮᠧᠬᠠᠨᠢᠭᠵᠢᠭᠰᠠᠨ ᠡᠵᠡᠩᠨᠡᠯᠲᠡ ᠶᠢᠨ ᠠᠷᠭ᠎ᠠ ᠬᠡᠯᠪᠡᠷᠢ ᠨᠢ ᠲᠠᠷᠢᠮᠠᠯ ᠤᠨ ᠥᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠮᠦ ᠪᠦᠷᠢ ᠶᠢᠨ ᠤᠨᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠭᠰᠡᠨ ᠠᠴᠠ ᠲᠤᠬᠠᠢ ᠶᠢᠨ ᠭᠠᠵᠠᠷ ᠤᠨ ᠴᠥᠭᠡᠨ ᠪᠤᠰᠤ ᠲᠠᠷᠢᠶᠠᠴᠢᠨ ᠡᠷᠦᠬᠡ ᠳᠤ ᠳᠠᠭᠠᠯᠳᠤᠨ ᠠᠰᠢᠭ ᠬᠦᠷᠲᠡᠭᠡᠪᠡ᠃     ᠣᠶᠢᠷ᠎ᠠ ᠶᠢᠨ ᠵᠢᠯ ᠤᠳ ᠲᠤ᠂ ᠬᠥᠮᠥᠨ ᠠᠮᠠ ᠶᠢᠨ ᠨᠠᠰᠤᠵᠢᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠤᠯᠠᠮ ᠠᠴᠠ ᠤᠯᠠᠮ ᠲᠣᠪᠣᠶᠢᠮ᠎ᠠ   ᠲᠠᠷᠢᠶᠠᠯᠠᠩ ᠤᠨ ᠠᠵᠤ ᠦᠢᠯᠡᠰ ᠤᠨ ᠣᠳᠣᠬᠢᠴᠢᠯᠠᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦ ᠬᠦᠷᠦᠯᠴᠡᠬᠦ ᠦᠭᠡᠢ᠂ ᠦᠢᠯᠡᠳᠪᠦᠷᠢᠯᠡᠯ ᠤᠨ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠡᠮᠦᠨᠡᠲᠦ ᠬᠤᠰᠢᠭᠤᠨ ᠤ ᠬᠢᠨ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠰᠢᠭᠤᠨ ᠤ ᠳᠣᠲᠣᠷᠠᠬᠢ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ ᠶᠢᠨ ᠵᠠᠭᠪᠤᠷ ᠢᠶᠠᠷ ᠳᠠᠮᠵᠢᠭᠤᠯᠤᠨ᠂ ᠭᠠᠵᠠᠷ ᠰᠢᠷᠣᠢ ᠶᠢᠨ ᠬᠡᠪᠴᠢᠶᠡᠲᠦ ᠡᠵᠡᠩᠨᠡᠯᠲᠡ ᠶᠢ ᠪᠡᠶᠡᠯᠡᠭᠦᠯᠵᠦ᠂ ᠲᠤᠰᠬᠠᠢ ᠮᠡᠷᠭᠡᠵᠢᠯ ᠤᠨ ᠬᠥᠮᠥᠰ ᠢᠶᠠᠷ ᠲᠤᠰᠬᠠᠢ ᠮᠡᠷᠭᠡᠵᠢᠯ ᠤᠨ ᠠᠵᠢᠯ ᠬᠢᠯᠭᠡᠨ᠎ᠡ᠃ ᠭᠠᠵᠠᠷ ᠰᠢᠷᠣᠢ ᠶᠢ ᠨᠠᠶᠢᠳᠠᠯᠭ᠎ᠠ ᠪᠠᠷ ᠬᠠᠮᠢᠶᠠᠷᠬᠤ ᠺᠣᠮᠫᠠᠨᠢ ᠨᠡᠩ ᠰᠢᠨᠵᠢᠯᠡᠬᠦ ᠤᠬᠠᠭᠠᠨᠴᠢ ᠲᠠᠷᠢᠮᠠᠯ ᠤᠨ ᠠᠷᠭ᠎ᠠ ᠮᠠᠶ᠋ᠢᠭ ᠢ ᠬᠡᠷᠡᠭᠯᠡᠨ᠂ ᠨᠡᠩ ᠪᠦᠲᠦᠮᠵᠢᠲᠡᠶ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠲᠥᠰᠥᠯ ᠢ ᠲᠣᠭᠲᠠᠭᠠᠵᠤ᠂ ᠲᠠᠷᠢᠮᠠᠯ ᠤᠨ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠦᠢᠯᠡᠳᠪᠦᠷᠢᠯᠡᠯ ᠤᠨ ᠬᠥᠳᠡᠯᠮᠦᠷᠢ ᠶᠢᠨ ᠬᠦᠴᠦᠨ ᠢ ᠠᠷᠪᠢᠯᠠᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠭᠠᠷᠤᠯᠲᠠ ᠶᠢ ᠨᠡᠮᠡᠭᠳᠡᠭᠦᠯᠦᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠵᠠᠭᠪᠤᠷ ᠢᠶᠠᠷ ᠳᠠᠮᠵᠢᠭᠤᠯᠤᠨ᠂ ᠲᠠᠷᠢᠮᠠᠯ ᠤᠨ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠮᠠᠯ ᠤᠨ ᠬᠡᠪᠴᠢᠶ᠎ᠡ ᠶᠢ ᠥᠷᠭᠡᠳᠬᠡᠨ᠂ ᠲᠠᠷᠢᠶᠠᠯᠠᠩ ᠤᠨ ᠬᠡᠪᠴᠢᠶᠡᠵᠢᠭᠰᠡᠨ ᠡᠵᠡᠩᠨᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠲᠠᠷᠢᠶᠠᠯᠠᠩ ᠤᠨ ᠠᠵᠤ ᠦᠶᠢᠯᠡᠰᠵᠢᠯᠲᠡ ᠶᠢ ᠪᠡᠶᠡᠯᠡᠭᠦᠯᠬᠦ ᠪᠠ ᠳᠡᠭᠡᠭᠰᠢᠯᠡᠭᠦᠯᠵᠦ᠂ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠵᠦ ᠪᠣᠯᠣᠨ᠎ᠠ᠃ ᠡᠨᠡ ᠵᠢᠯ᠂ ᠪᠥᠬᠦ ᠬᠤᠰᠢᠭᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠭᠠᠵᠠᠷ ᠰᠢᠷᠣᠢ ᠶᠢᠨ ᠲᠠᠯᠠᠪᠠᠶ ᠶᠢ 5 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠᠷ ᠵᠢᠱᠢᠵᠦ ᠪᠣᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ