3 ᠰᠠᠷ᠎ᠠ ᠶᠢᠨ 21 ᠤ ᠡᠳᠦᠷ᠂ ᠣᠷᠠᠳ ᠤᠨ ᠡᠮᠦᠨᠡᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠤᠰᠬᠠᠶ | ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠣᠵᠣ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃ | ᠲᠣᠰ ᠣᠳᠠᠭᠠᠨ ᠤ ᠰᠣᠷᠣᠯᠴᠠᠯᠭ᠎ᠠ ᠳᠤ᠂ ᠣᠷᠠᠳ ᠤᠨ ᠡᠮᠦᠨᠡᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ | ᠪᠦᠬᠦ ᠰᠢᠰᠲ᠋ᠧᠮ ᠤᠨ ᠺᠠᠳ᠋ᠷ ᠠᠵᠢᠯᠳᠠᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ︽ | ᠬᠤᠶᠠᠷ ᠬᠤᠷᠠᠯ︾ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠣᠷ ᠰᠣᠷᠣᠯᠴᠠᠬᠤ ᠬᠡᠷᠡᠭᠲᠡᠢ ᠬᠡᠮᠡᠨ ᠴᠢᠬᠤᠴᠢᠯᠠᠬᠤ ᠶᠢᠨ ᠬᠠᠮᠲᠣ | ᠶᠡᠷᠦᠩᠬᠡᠶ ᠱᠦᠵᠢ ᠰᠢ ᠶᠢᠨ ᠫᠢᠩ ᠤᠨ ︽ᠲᠠᠪᠤᠨ ᠵᠠᠪᠠᠯ ᠶᠠᠪᠤᠬᠤ ᠵᠠᠮ︾᠂ ︽ᠲᠠᠪᠤᠨ ᠠᠰᠢᠭᠲᠠᠶ ᠨᠥᠬᠦᠴᠡᠯ︾ ᠤᠨ ᠴᠢᠬᠤᠯᠠ ᠶᠡᠭᠡ ᠮᠠᠭᠠᠳᠯᠠᠯᠲᠠ ᠶᠢ ᠭᠦᠨᠵᠡᠭᠡᠶ | ᠣᠶᠢᠯᠠᠭᠠᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ | ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠳᠡᠭᠡᠷ᠎ᠡ ᠨᠢᠭᠡᠳᠭᠡᠨ᠂ ᠲᠣᠪᠴᠢᠶᠠᠨ ᠤ ᠪᠠᠭ ᠤᠨ ᠪᠦᠷᠢᠯᠳᠦᠬᠦᠨ ᠲᠦᠷᠦᠭᠦᠯᠡᠨ ᠰᠤᠷᠤᠯᠴᠠᠵᠤ᠂ ᠭᠦᠨᠵᠡᠭᠡᠶ ᠰᠤᠷᠤᠯᠴᠠᠬᠤ ᠶᠢ ᠪᠡᠶᠡᠯᠡᠬᠦᠯᠵᠦ᠂ ︽ | ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠥᠬᠦ | ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ | ᠲᠣᠬᠠᠶᠢᠯᠠᠭᠰᠠᠨ ᠠᠵᠢᠯ ᠳᠤ ᠪᠠᠨ ᠦᠢᠯᠡᠴᠢᠯᠡᠬᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠰᠢᠯᠢᠳᠡᠭ ᠬᠢᠷᠢ | ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠣᠭᠲᠣᠬᠤ ᠬᠡᠷᠡᠭᠲᠡᠢ ᠬᠡᠰᠡᠨ ᠪᠠᠶᠢᠨ᠎ᠠ᠃ | ᠲᠣᠰ ᠣᠳᠠᠭ᠎ᠠ ᠶᠢᠨ ᠬᠤᠷᠠᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠣᠶᠢᠯᠠᠭᠭᠠᠰᠠᠨ ᠢᠶᠠᠷ | ᠂ ᠲᠣᠰ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠵᠢᠴᠢ ᠬᠤᠶᠠᠳᠤᠭᠠᠷ ᠳᠡᠰ ᠤᠨ | ᠨᠢᠭᠡᠴᠢ ᠶᠢᠨ ᠭᠤᠤᠯ ᠬᠠᠷᠢᠭᠤᠴᠠᠯᠭᠠᠲᠠᠨ 30 ᠰᠢᠬᠠᠮ ᠬᠥᠮᠦᠨ ᠬᠤᠷᠠᠯ ᠳᠤ ᠣᠷᠣᠯᠴᠠᠪᠠ᠃ | | | |