ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠭᠡᠷ ᠲᠤᠨᠢ ᠬᠦᠷᠴᠦ ᠰᠠᠨᠠᠯ ᠵᠦᠪᠯᠡᠯᠬᠡ ᠠᠰᠠᠭᠤᠬᠤ︾ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/3/23
    ᠣᠶᠢᠷ᠎ᠠ ᠳᠤ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠤᠷᠠᠳ ᠤᠨ ᠡᠮᠦᠨᠡᠲᠦ ᠬᠤᠰᠢᠭᠤᠨ ᠤ ᠶᠡᠭᠡ ᠠᠩᠭᠢ ᠨᠢ ᠬᠠᠷᠢᠶᠠᠲᠤ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠡᠭᠡ ᠠᠩᠭᠢ ᠶᠢᠨ ᠤᠳᠤᠷᠢᠳᠤᠯᠭ᠎ᠠ ᠬᠡᠰᠡᠭ ᠢ ᠳᠠᠭᠠᠭᠠᠴᠢᠯᠠᠬᠤ᠂ ᠳᠤᠮᠳᠠ ᠠᠩᠭᠢ ᠶᠢᠨ ᠳᠠᠷᠤᠭ᠎ᠠ ᠨᠢᠭᠡᠴᠡ ᠶᠢ ᠳᠠᠭᠠᠭᠠᠴᠢᠯᠠᠬᠤ᠂ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠴᠡᠭ ᠢ ᠳᠠᠭᠠᠭᠠᠴᠢᠯᠠᠬᠤ ᠠᠵᠢᠯ ᠤᠨ ᠵᠠᠷᠴᠢᠮ ᠢ ᠬᠡᠷᠡᠭᠵᠢᠭᠦᠯᠵᠦ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠭᠤᠣᠯᠳᠠᠯᠭ᠎ᠠ ᠲᠠᠢ ᠲᠡᠷᠭᠡᠨ ᠤ ᠬᠠᠷᠢᠶ᠎ᠠ ᠨᠢᠭᠡᠴᠡ᠂ ᠠᠵᠤ ᠠᠬᠤᠶᠢᠯᠠᠯ᠂ ᠵᠠᠰᠠᠭ ᠤᠨ ᠣᠷᠳᠣᠨ ᠤ ᠪᠠᠶᠢᠭᠤᠯᠭ᠎ᠠ ᠰᠠᠯᠠᠭ᠎ᠠ ᠮᠥᠴᠢᠷ᠂ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠵᠡᠷᠭᠡ ᠨᠢᠭᠡᠴᠡ᠂ ᠠᠵᠤ ᠠᠬᠤᠶᠢᠯᠠᠯ ᠳᠤ ᠭᠦᠨᠵᠡᠭᠡᠶᠢᠷᠡᠨ ︽ᠭᠡᠷ ᠲᠤᠨᠢ ᠬᠦᠷᠴᠦ ᠰᠠᠨᠠᠯ ᠵᠦᠪᠯᠡᠯᠬᠡ ᠠᠰᠠᠭᠤᠬᠤ︾ ᠠᠵᠢᠯᠯᠠᠭ᠎ᠠ ᠥᠷᠨᠢᠭᠦᠯᠪᠡ᠃    ᠨᠢᠭᠡ ᠠᠵᠤ ᠠᠬᠤᠶᠢᠯᠠᠯ᠂ ᠨᠢᠭᠡᠴᠡ ᠳᠤ ᠣᠴᠢᠬᠤ ᠪᠦᠷᠢ᠂ ᠲᠣᠰ ᠶᠡᠭᠡ ᠠᠩᠭᠢ ᠶᠢᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠢᠷᠡᠭᠰᠡᠨ ᠰᠠᠨᠠᠭ᠎ᠠ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠠᠢ ᠶᠠᠷᠢᠯᠴᠠᠵᠤ᠂ ᠲᠡᠳᠡᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠰᠠᠨᠠᠯ ᠬᠤᠷᠢᠶᠠᠬᠤ ᠬᠦᠰᠦᠨᠦᠭᠲᠦ ᠲᠠᠭᠯᠠᠭᠤᠯᠪᠠ᠃ ᠠᠵᠤ ᠠᠬᠤᠶᠢᠯᠠᠯ᠂ ᠨᠢᠭᠡᠴᠡ ᠶᠢ ᠰᠤᠷᠪᠤᠯᠵᠢᠯᠠᠨ ᠪᠠᠶᠢᠴᠠᠭᠠᠨ ᠰᠤᠳᠤᠯᠬᠤ ᠪᠠᠷ ᠳᠡᠮᠵᠢᠨ ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠥᠷᠨᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠠᠰᠠ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠬᠠᠷᠢᠶᠠᠲᠤ ᠣᠷᠣᠨ ᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠨᠠᠩ ᠰᠠᠶᠢᠨ ᠪᠣᠶ ᠪᠣᠯᠭᠠᠬᠤ ᠳᠤ ᠰᠠᠶᠢᠨ ᠰᠠᠶᠢᠬᠠᠨ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃    3 ᠰᠠᠷ᠎ᠠ ᠠᠴᠠ ᠨᠠᠰᠢ᠂ ᠲᠣᠰ ᠶᠡᠭᠡ ᠠᠩᠭᠢ ᠶᠢᠨ ᠠᠷᠠᠳ ᠤᠨ ᠴᠠᠭᠳᠠᠭ᠎ᠠ ᠤᠷᠢᠳ ᠬᠤᠵᠢᠳ ᠠᠵᠤ ᠠᠬᠤᠶᠢᠯᠠᠯ᠂ ᠨᠢᠭᠡᠴᠡ ᠳᠤ ᠬᠦᠷᠴᠦ 22 ᠤᠳᠠᠭ᠎ᠠ ︽ᠭᠡᠷ ᠲᠤᠨᠢ ᠬᠦᠷᠴᠦ ᠰᠠᠨᠠᠯ ᠵᠦᠪᠯᠡᠯᠬᠡ ᠠᠰᠠᠭᠤᠵᠤ︾᠂ 18 ᠵᠦᠢᠯ ᠤᠨ ᠰᠠᠨᠠᠯ ᠪᠠ ᠰᠠᠨᠠᠭᠤᠯᠭ᠎ᠠ ᠬᠤᠷᠢᠶᠠᠵᠤ᠂ ᠣᠯᠠᠨ ᠲᠦᠮᠡᠨ ᠤ 15 ᠤᠳᠠᠭ᠎ᠠ ᠶᠢᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠡᠢ᠃ ᠣᠳᠣᠬᠠᠨ ᠳᠤ ᠡᠨᠡᠬᠦ ᠠᠵᠢᠯ  ᠢ ᠶᠠᠭ ᠡᠮᠬᠢ ᠵᠢᠷᠤᠮ  ᠲᠠᠢ ᠪᠠᠷ ᠥᠷᠨᠢᠭᠦᠯᠵᠦ ᠪᠠᠶᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ