ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠡᠬᠦᠳᠡ ᠪᠠᠨ ᠨᠡᠬᠡᠬᠡᠵᠦ ᠠᠵᠤ ᠠᠬᠤᠶᠢᠯᠠᠯ ᠤᠨ ᠶᠠᠷᠢᠯᠴᠠᠬᠤ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/3/23
    ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ︿︿  ᠬᠤᠷᠢᠳᠤᠭᠠᠷ ᠶᠡᠭᠡ ᠬᠤᠷᠠᠯ ᠢ ᠤᠭᠳᠤᠬᠤ᠂ ᠬᠠᠤᠯᠢᠵᠢᠭᠰᠠᠨ ᠠᠷᠠᠯᠵᠢᠶ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ᠂ ᠴᠢᠨᠠᠷ ᠰᠠᠶᠢᠳᠠᠢ ᠬᠦᠭᠵᠢᠯᠳᠠ ᠳᠤ ᠦᠢᠯᠡᠴᠢᠯᠡᠬᠦ﹀﹀ ᠶᠡᠭᠡ ᠶᠠᠷᠢᠯᠴᠠᠭ᠎ᠠ ᠶᠠᠪᠤᠭᠳᠠᠭᠤᠯᠵᠤ᠂ ᠡᠬᠦᠳᠡ ᠪᠠᠨ ᠨᠡᠬᠡᠬᠡᠵᠦ ᠠᠵᠤ ᠠᠬᠤᠶᠢᠯᠠᠯ ᠤᠨ ᠶᠠᠷᠢᠯᠴᠠᠬᠤ ᠬᠤᠷᠠᠯ ᠡᠷᠬᠢᠯᠡᠪᠡ᠃    ᠬᠤᠷᠠᠯ ᠳᠤ ᠤᠷᠠᠳ ᠬᠦᠳᠡᠭᠡ ᠲᠤᠰᠬᠤᠨ ᠤ ᠬᠤᠳᠠᠯᠳᠤᠭᠠᠨ ᠤ ᠪᠠᠩᠭᠢ᠂ ᠲᠢᠶᠠᠨ ᠾᠧᠩ ᠡᠮ ᠦᠢᠯᠡᠳᠬᠦ ᠺᠤᠮᠫᠠᠨᠢ᠂ ᠮᠧᠩ ᠱᠠᠩ ᠪᠠᠩᠭᠢ᠂ ᠰᠢᠬᠡᠳᠡᠢ ᠠᠷᠢᠬᠢᠨ ᠦᠢᠯᠡᠰ᠂ ᠹᠸᠢ ᠳ᠋ᠠ ᠭᠠᠵᠠᠷ ᠬᠦᠷᠦᠩᠭᠡ ᠶᠢᠨ ᠺᠤᠮᠫᠠᠨᠢ᠂ ᠡᠮᠦᠨᠡᠳᠦ ᠬᠤᠰᠢᠭᠤᠨ ᠤ ᠰᠠᠶᠢᠨ ᠲᠤᠷᠠᠳᠠᠨ ᠤ ᠨᠡᠶᠢᠬᠡᠮᠯᠢᠭ ᠵᠡᠷᠭᠡ 12 ᠡᠷᠦᠬᠡ ᠠᠵᠤ ᠠᠬᠤᠶᠢᠯᠠᠯ ᠤᠨ ᠲᠦᠯᠦᠬᠡᠯᠡᠭᠴᠢ ᠶᠢ ᠤᠷᠢᠨ᠂ ᠲᠡᠳᠡᠨ ᠤ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠲᠤᠬᠠᠢ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠢ ᠰᠣᠨᠣᠰᠴᠠᠢ᠃ ᠲᠦᠯᠦᠬᠡᠯᠡᠭᠴᠢᠳ  ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠶᠢᠨ ᠠᠵᠤ ᠠᠬᠤᠶᠢᠯᠠᠯ ᠳᠤ ᠬᠠᠩᠭᠠᠵᠤ ᠦᠭᠭᠦᠭᠰᠡᠨ ᠬᠠᠤᠯᠢ ᠴᠠᠭᠠᠵᠠ ᠶᠢᠨ ᠦᠢᠯᠡᠴᠢᠯᠡᠬᠡᠨ ᠢ ᠬᠦᠢᠴᠡᠳ ᠨᠤᠳᠠᠯᠠᠵᠤ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ᠂ ᠰᠠᠨᠠᠯ ᠰᠠᠨᠠᠭᠤᠯᠭ᠎ᠠ ᠲᠤᠷᠠᠳᠤᠭᠰᠠᠨ ᠪᠦᠬᠡᠳ ᠡᠯ᠎ᠡ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠠᠴᠠ ᠡᠯ᠎ᠡ ᠠᠵᠤ ᠠᠬᠤᠶᠢᠯᠠᠯ ᠤᠨ ᠲᠤᠷᠠᠳᠤᠭᠰᠠᠨ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠢ ᠬᠠᠷᠢᠭᠤᠯᠳᠠ ᠦᠭᠭᠦᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ