ᠤᠶᠢᠷ᠎ᠠ ᠶᠢᠨ ᠡᠳᠦᠷ᠂ ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠠᠷᠠᠳ ᠤᠨ ᠠᠮᠢᠳᠤᠷᠠᠯ | ᠤᠨ ᠬᠡᠮᠵᠢᠯᠳᠡ ᠶᠢᠨ ᠪᠠᠭᠠᠵᠢ ᠬᠡᠷᠡᠰᠡᠯ ᠳᠤ ᠲᠤᠰᠬᠠᠢ ᠪᠠᠶᠢᠴᠠᠭᠠᠯᠳᠠ ᠬᠢᠵᠦ᠂ ᠬᠡᠮᠵᠢᠯᠳᠡ ᠶᠢᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢ ᠤᠯᠠᠮ ᠨᠢᠬᠡ | ᠠᠯᠬᠤᠮ ᠲᠦᠷᠢᠮᠵᠢᠬᠦᠯᠵᠦ᠂ ᠵᠢᠩ ᠯᠠᠩ ᠲᠤᠳᠠᠬᠤ ᠬᠡᠮᠵᠢᠯᠳᠡ ᠶᠢᠨ ᠪᠠᠭᠠᠵᠢ ᠳᠤ ᠬᠡᠮ ᠬᠢᠬᠦ ᠵᠡᠷᠬᠡ ᠳᠤ ᠡᠷᠡᠰ ᠴᠤᠬᠢᠯᠳᠠ ᠦᠭᠴᠦ᠂ ᠬᠡᠮᠵᠢᠯᠳᠡ ᠶᠢᠨ ᠪᠠᠭᠠᠵᠢ | ᠤᠨᠤᠪᠴᠢᠳᠠᠢ ᠡᠰᠡᠬᠦ᠂ ᠬᠡᠷᠡᠭᠯᠡᠭᠴᠢᠳ ᠤᠨ ᠲᠤᠰ ᠪᠡᠶ᠎ᠡ ᠶᠢᠨ ᠠᠰᠢᠭ ᠲᠤᠰᠠ ᠪᠠ ᠡᠷᠡᠬᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠪᠠ᠃ ᠵᠠᠬ᠎ᠠ | ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠲᠤᠮᠤ ᠬᠡᠯᠪᠡᠷᠢ ᠶᠢᠨ ᠬᠡᠳᠦ ᠲᠡᠯᠬᠡᠬᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ᠂ ᠲᠤᠰᠤ | ᠨᠡᠮᠡᠬᠦ ᠦᠷᠳᠡᠭᠡ᠂ ᠨᠢᠳᠤᠨ ᠰᠢᠯ ᠤᠨ ᠲᠡᠯᠬᠡᠬᠦᠷ ᠢᠶᠠᠷ ᠬᠦᠷᠪᠡ ᠃ ᠬᠠᠤᠯᠢ ᠬᠡᠷᠡᠭᠵᠢᠬᠦᠯᠦᠭᠴᠢᠳ ᠬᠡᠳᠦ ᠲᠡᠯᠬᠡᠬᠦᠷ ᠲᠤ ᠴᠠᠬᠢᠯᠭᠠᠨ ᠵᠢᠩᠯᠠᠬᠦᠷ ᠤᠨ ᠤᠨᠤᠪᠴᠢᠳᠠᠢ | ᠡᠰᠡᠬᠦ ᠳᠤ ᠪᠠᠶᠢᠴᠠᠭᠠᠯᠳᠠ ᠬᠢᠵᠦ᠂ ᠭᠤᠯᠢᠷ ᠲᠤᠳᠤᠷᠭ᠎ᠠ ᠵᠡᠷᠭᠡ ᠲᠤᠭᠳᠠᠮᠠᠯ ᠬᠦᠨᠳᠦᠴᠡ ᠲᠠᠢ ᠪᠤᠭᠤᠳᠠᠯ ᠤᠨ ᠴᠡᠪᠡᠷ ᠬᠦᠨᠳᠦ ᠳᠤ ᠲᠤᠬᠠᠢ ᠶᠢᠨ ᠲᠠᠯᠠᠪᠤᠷ ᠳᠤ | ᠰᠤᠭᠤᠴᠢᠨ ᠪᠠᠶᠢᠴᠠᠭᠠᠵᠤ᠂ ᠲᠤᠰᠤ ᠨᠡᠮᠡᠬᠦ ᠦᠷᠳᠡᠭᠡ ᠳᠤ ᠲᠤᠰᠤ ᠨᠡᠮᠡᠬᠦ ᠪᠠᠭᠠᠵᠢ ᠳᠤ ᠬᠡᠮ ᠬᠢᠭᠰᠡᠨ ᠡᠰᠡᠬᠦ᠂ ᠬᠡᠮᠵᠢᠬᠦᠷ ᠤᠨ ᠤᠨᠤᠪᠴᠢᠳᠠᠢ ᠡᠰᠡᠬᠦ ᠶᠢ ᠪᠠᠶᠢᠴᠠᠭᠠᠨ | ᠦᠵᠡᠵᠦ᠂ ᠨᠢᠳᠤᠨ ᠰᠢᠯ ᠤᠨ ᠲᠡᠯᠬᠡᠬᠦᠷ ᠲᠤ ᠬᠡᠮᠵᠢᠯᠳᠡ ᠶᠢᠨ ᠪᠠᠭᠠᠵᠢ ᠶᠢᠨ ᠬᠦᠴᠦᠨ ᠲᠠᠢ ᠬᠤᠭᠤᠴᠠᠭ᠎ᠠ ᠳᠤ ᠪᠠᠶᠢᠬᠤ ᠡᠰᠡᠬᠦ ᠤᠨᠤᠪᠴᠢᠳᠠᠢ ᠡᠰᠡᠬᠦ ᠶᠢ ᠪᠠᠶᠢᠴᠠᠭᠠᠨ | ᠦᠵᠡᠵᠦ᠂ ︿︿ᠦᠨᠡᠨᠴᠢ ᠢᠳᠡᠬᠡᠮᠵᠢᠳᠡᠢ ᠬᠡᠮᠵᠢᠯᠳᠡ ᠶᠢᠨ ᠠᠮᠠᠯᠠᠯᠳᠠ ᠶᠢᠨ ᠪᠢᠴᠢᠭ﹀﹀ ᠲᠤ ᠭᠠᠷ ᠤᠨ ᠦᠰᠦᠭ ᠵᠢᠷᠤᠭᠤᠯᠤᠭᠰᠠᠨ ᠪᠠᠶᠢᠨ᠎ᠠ᠃ |