ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠦᠨᠡᠨ ᠬᠦ ᠳᠥᠯᠭᠢᠨ ᠠᠬᠢᠭᠤᠯᠵᠤ᠂ ᠮᠠᠯᠴᠢᠨ ᠲᠠᠷᠢᠶᠠᠴᠢᠨ ᠤ ᠣᠲᠣ | ᠦᠶ᠎ᠡ ᠶᠢᠨ ᠲᠠᠷᠢᠶᠠᠯᠠᠩ ᠤᠨ ᠳᠠᠷᠢᠵᠤ ᠲᠡᠵᠢᠭᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 21 ᠤ ᠡᠳᠦᠷ ᠂ | ᠣᠷᠠᠳ ᠤᠨ ᠡᠮᠦᠨᠡᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠷᠳᠡᠨᠢᠪᠤᠯᠠᠭ ᠰᠤᠮᠤᠨ ᠳᠤ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ᠂ ᠰᠢᠷ᠎ᠠ | ᠪᠤᠷᠴᠠᠭ ᠡᠷᠳᠡᠨᠢ ᠰᠢᠰᠢ ᠶᠢᠨ ᠲᠠᠷᠢᠮᠠᠯ ᠤᠨ ᠮᠡᠷᠭᠡᠵᠢᠯ᠂ ᠥᠨᠳᠥᠷ ᠬᠡᠪ ᠴᠢᠨᠠᠷ ᠪᠥᠬᠦᠶ ᠲᠠᠷᠢᠶᠠᠴᠢᠳ ᠤᠨ ︽ᠲᠠᠷᠢᠶᠠᠨ ᠭᠠᠵᠠᠷ ᠤᠨ ᠰᠤᠷᠭᠠᠭᠤᠯᠢ︾ ᠶᠢᠨ | ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠣᠷᠠᠳ ᠤᠨ ᠡᠮᠦᠨᠡᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠭᠡᠳᠦ ᠵᠡᠷᠭᠡ ᠶᠢᠨ ᠲᠠᠷᠢᠶᠠᠯᠠᠩ ᠤᠨ | ᠮᠡᠷᠭᠡᠵᠢᠯᠲᠡᠨ ᠶᠠᠩ ᠶᠦᠩ ᠱᠧᠩ ᠲᠥᠬᠦᠮ ᠣᠶᠢᠯᠠᠭᠠᠮᠵᠢᠲᠠᠶ ᠦᠭᠡ ᠶᠠᠷᠢᠶ᠎ᠠ ᠪᠠᠷ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠷᠭ᠎ᠠ᠂ | ᠡᠷᠳᠡᠨᠢ ᠰᠢᠰᠢ ᠶᠢᠨ ᠰᠢᠷ᠎ᠠ ᠪᠤᠷᠴᠠᠭ ᠢ ᠳᠠᠷᠢᠬᠤ ᠮᠡᠷᠭᠡᠵᠢᠯ᠂ 2022 ᠣᠨ ᠤ ᠲᠠᠷᠢᠮᠠᠯ ᠤᠨ ᠵᠢᠯᠣᠭᠤᠳᠬᠤ ᠰᠠᠨᠠᠯ᠂ ︽ᠳᠥᠷᠪᠡ ᠶᠢ ᠡᠵᠡᠮᠳᠡᠬᠦ︾ ᠮᠡᠷᠭᠡᠵᠢᠯ ᠵᠡᠷᠭᠡ | ᠬᠠᠮᠢᠶ᠎ᠠ ᠪᠥᠬᠦᠶ ᠪᠠᠶᠢᠳᠠᠯ ᠢ ᠠᠬᠤᠢ ᠶᠢᠨ ᠲᠠᠯᠠᠪᠠᠢ ᠶᠢᠨ ᠣᠷᠣᠯᠴᠠᠭᠰᠠᠳ ᠲᠤ ᠲᠠᠶᠢᠯᠪᠤᠷᠢᠯᠠᠵᠤ᠂ ᠮᠠᠯᠴᠢᠨ ᠲᠠᠷᠢᠶᠠᠴᠢᠳ ᠲᠤ ᠨᠢᠭᠡ ᠲᠥᠷᠥᠯ ᠤᠨ ᠪᠣᠳᠠᠲᠤ | ᠬᠡᠷᠡᠭᠯᠡᠭᠡᠨ ᠤ ᠤᠷ᠎ᠠ ᠴᠢᠳᠠᠪᠤᠷᠢ ᠶᠢ ᠡᠵᠡᠮᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠠᠶᠠᠵᠢᠬᠤ ᠤᠬᠠᠮᠰᠠᠷ ᠢ ᠨᠢ ᠴᠢᠩᠭᠠᠳᠬᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠲᠠᠶᠢᠯᠤᠮᠵᠢ ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ ᠲᠤ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ | ᠮᠡᠷᠭᠡᠵᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠰᠣᠷᠣᠭᠰᠠᠨ ᠢᠶᠠᠨ ᠰᠡᠳᠬᠢᠬᠦ᠂ | ᠰᠣᠷᠣᠭᠰᠠᠨ ᠢᠶᠠᠨ ᠣᠶᠢᠯᠠᠭᠠᠬᠤ᠂ ᠰᠣᠷᠣᠭᠰᠠᠨ ᠢᠶᠠᠨ ᠣᠯᠤᠯᠲᠠ ᠲᠠᠢ ᠪᠣᠯᠭᠠᠨ᠂ ᠣᠲᠣ ᠦᠶ᠎ᠡ ᠶᠢᠨ ᠮᠠᠯᠴᠢᠨ ᠲᠠᠷᠢᠶᠠᠴᠢᠨ ᠤ ᠪᠠᠶᠢᠪᠠᠰᠤ ᠵᠣᠬᠢᠬᠤ ᠶᠡᠷᠦᠩᠬᠡᠶᠢᠯᠡᠭᠰᠡᠨ | ᠬᠡᠪ ᠴᠢᠨᠠᠷ᠂ ᠦᠢᠯᠡᠰ ᠪᠤᠰᠬᠠᠬᠤ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠤᠬᠠᠮᠰᠠᠷ᠂ ᠦᠢᠯᠡᠰ ᠪᠤᠰᠬᠠᠬᠤ ᠴᠢᠳᠠᠪᠤᠷᠢ ᠶᠢ ᠴᠢᠩᠭᠠᠳᠬᠠᠵᠤ᠂ ᠣᠲᠣ ᠦᠶ᠎ᠡ ᠶᠢᠨ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠬᠦ ᠤᠷ᠎ᠠ ᠴᠢᠳᠠᠪᠤᠷᠢ ᠶᠢ ᠰᠤᠷᠴᠤ᠂ ᠣᠶᠤᠨ ᠤ ᠲᠤᠯᠭᠠᠭᠤᠷᠢᠯᠠᠯ ᠢ ᠨᠢ ᠬᠠᠩᠭᠠᠵᠤ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠶ ᠪᠣᠯᠭᠠᠨ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠪᠡ᠃ | | | |