3 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠪᠥᠬᠦ ᠤᠯᠤᠰ ᠤᠨ ᠬᠤᠶᠢᠴᠢ | ᠦᠶ᠎ᠡ ᠪᠠᠨ ᠬᠠᠯᠠᠮᠵᠢᠯᠠᠬᠤ ᠤᠬᠠᠭᠤᠯᠭ᠎ᠠ ᠶᠢᠨ ᠠᠵᠢᠯ ᠤᠨ ᠬᠤᠷᠠᠯ ᠬᠤᠷᠠᠯᠳᠣᠪᠠ᠃ ᠲᠣᠬᠠᠢ ᠶᠢᠨ ᠴᠠᠭ ᠲᠤ ᠣᠷᠠᠳ ᠤᠨ ᠡᠮᠦᠨᠡᠲᠤ ᠬᠤᠰᠢᠭᠤᠨ ᠤ ᠰᠠᠭᠠᠳᠠᠭ | ᠰᠣᠮᠣ ᠶᠢᠨ ᠺᠠᠳ᠋ᠷ ᠠᠵᠢᠯᠲᠠᠳ ᠸᠢᠴᠠᠲ ᠤᠨ ᠸᠢᠳᠢᠣ᠋ ᠰᠢᠭᠤᠳ ᠨᠡᠪᠲᠡᠷᠡᠭᠦᠯᠭᠡ ᠪᠠᠷ ᠬᠦᠯᠢᠶᠡᠨ ᠠᠪᠴᠣ ᠦᠵᠡᠪᠡ᠃ | ᠬᠤᠷᠠᠯ ᠳᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠰᠤᠷᠲᠠᠯ ᠤᠬᠠᠭᠤᠯᠭ᠎ᠠ ᠶᠢᠨ ᠠᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠠᠨ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠭᠤᠣᠯ ᠰᠢᠵᠢᠮ ᠢ ᠤᠬᠠᠭᠤᠯᠤᠨ ᠲᠤᠭᠤᠰᠢᠯᠠᠭᠤᠯᠬᠤ ᠶᠢ ᠲᠣᠪᠤᠶᠢᠯᠭᠠᠨ᠂ ᠭᠤᠣᠯ ᠠᠵᠢᠯ ᠲᠠᠢ | ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠵᠠᠯᠠᠭᠤᠴᠤᠳ ᠪᠠᠭᠠᠴᠤᠳ ᠲᠤ ᠦᠢᠯᠡᠴᠢᠯᠡᠬᠦ ᠵᠥᠪ ᠴᠢᠭᠯᠡᠯ ᠢ ᠪᠠᠷᠢᠮᠲᠠᠯᠠᠨ᠂ ᠵᠠᠯᠠᠭᠤᠴᠤᠳ ᠪᠠᠭᠠᠴᠤᠳ ᠲᠤ | ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠬᠥᠮᠦᠵᠢᠯ ᠬᠢᠵᠦ᠂ ᠤᠬᠠᠭᠤᠯᠬᠤ ᠠᠵᠢᠯ ᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠶᠢ | ᠡᠭᠦᠳᠬᠦ ᠬᠥᠭᠵᠢᠯᠲᠡ ᠳᠤ ᠨᠡᠩ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠬᠡᠮᠡᠨ ᠴᠢᠬᠤᠴᠢᠯᠠᠭᠰᠠᠨ ᠪᠠᠶᠢᠨ᠎ᠠ᠃ | ᠲᠣᠰ ᠣᠳᠠᠭᠠᠨ ᠤ ᠰᠤᠷᠤᠯᠴᠠᠯᠭ᠎ᠠ ᠪᠠᠷ ᠳᠠᠮᠵᠢᠭᠤᠯᠤᠨ᠂ ᠰᠠᠭᠠᠳᠠᠭ ᠰᠣᠮᠣ ᠶᠢᠨ ᠬᠢᠨ ᠬᠤᠶᠢᠴᠢ ᠦᠶ᠎ᠡ ᠪᠠᠨ ᠬᠠᠯᠠᠮᠵᠢᠯᠠᠬᠤ ᠤᠬᠠᠭᠤᠯᠭ᠎ᠠ ᠶᠢᠨ ᠠᠵᠢᠯ ᠢ | ᠰᠠᠶᠢᠲᠤᠷ ᠬᠢᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ | ᠵᠠᠯᠠᠭᠤᠴᠤᠳ ᠪᠠᠭᠠᠴᠤᠳ ᠲᠤ ᠦᠢᠯᠡᠴᠢᠯᠡᠬᠦ ᠵᠥᠪ ᠴᠢᠭᠯᠡᠯ ᠪᠠ ᠤᠬᠠᠭᠤᠯᠬᠤ ᠤᠳᠤᠷᠢᠳᠤᠮᠵᠢ ᠶᠢ ᠪᠠᠲᠤ ᠡᠵᠡᠮᠳᠡᠵᠦ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠣᠯᠠᠮ ᠴᠢᠨᠠᠭᠰᠢᠳᠠ ᠳᠡᠭᠡᠭᠰᠢᠯᠡᠬᠦᠯᠬᠦ ᠪᠠᠷ ᠪᠣᠢ᠃ |