3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ | ᠲᠢᠩᠬᠢᠮ ᠳᠤ ᠪᠦᠬᠦᠳᠡ ᠬᠤᠷᠠᠯ ᠬᠢᠵᠦ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠪᠡ᠃ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠵᠦ᠂ ᠳᠡᠳ᠋ ᠪᠦᠯᠬᠦᠮ ᠤᠨ ᠳᠠᠷᠤᠭ᠎ᠠ ᠸᠠᠩ ᠯᠢ ᠰᠢᠶᠠ | ᠂ ᠯᠢ ᠰᠢᠤ ᠯᠢᠩ ᠬᠢᠨᠠᠨ ᠵᠥᠪᠯᠡᠬᠦ ᠳᠤ ᠤᠷᠤᠯᠴᠠᠪᠠ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠤ ᠰᠠᠨᠠᠯ ᠰᠠᠨᠠᠭᠤᠯᠭ᠎ᠠ ᠶᠢ ᠰᠤᠨᠤᠰᠴᠡᠢ᠃ | ᠬᠤᠷᠠᠯ ᠤᠨ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠣᠭᠤᠷᠢᠨ ᠳᠤ | ᠲᠦᠷᠦᠭᠳᠡᠯ ᠢᠶᠠᠨ ᠶᠠᠷᠢᠯᠴᠠᠵᠤ᠂ ᠬᠥᠭᠵᠢᠯᠲᠡ ᠶᠢ ᠵᠥᠪᠯᠡᠵᠦ᠂ ᠰᠠᠨᠠᠯ ᠰᠠᠨᠠᠭᠤᠯᠭ᠎ᠠ ᠲᠡᠪᠰᠢᠬᠦᠯᠵᠡᠬᠡᠨᠠ᠃ ᠣᠯᠠᠨ ᠢᠶᠠᠷ ᠢᠶᠠᠨ᠂ ᠶᠡᠷᠦᠩᠬᠡᠶ ᠰᠠᠶᠢᠳ ᠯᠢ ᠺᠧ | ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠠᠵᠢᠯ ᠢᠶᠠᠨ ᠳ᠋ᠦᠡᠭᠨᠡᠭᠰᠡᠨ ᠨᠢ ᠨᠡᠷᠢᠨ ᠪᠤᠳᠠᠳᠡᠢ ᠪᠦᠭᠡᠳ ᠪᠤᠰᠤᠳᠴᠢ᠂ ᠳᠤᠷᠠᠳᠤᠭᠰᠠᠨ | ᠬᠠᠷᠠᠯᠲᠠ ᠨᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ᠂ ᠲᠣᠭᠲᠠᠭᠠᠭᠰᠠᠨ ᠲᠥᠷᠥ ᠶᠢᠨ ᠪᠣᠳᠣᠯᠭ᠎ᠠ ᠨᠢ ᠯᠠᠪᠳᠠᠭᠤᠨ ᠬᠢᠨᠠᠮᠠᠭᠠᠢ ᠪᠥᠭᠡᠳ ᠨᠠᠷᠢᠨ | ᠣᠨᠣᠪᠴᠢᠲᠠᠶ᠂ ᠪᠠᠶᠢᠷᠢᠯᠠᠭᠤᠯᠤᠭᠰᠠᠨ ᠡᠭᠦᠷᠭᠡ ᠶᠢᠨ ᠰᠢᠰᠲ᠋ᠧᠮ ᠨᠢ ᠨᠠᠷᠢᠨ ᠨᠢᠭᠲᠠ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠲᠤᠭ ᠢ ᠥᠨᠳᠥᠷ ᠮᠠᠨᠳᠤᠭᠤᠯᠤᠭᠰᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ᠂ ᠬᠥᠮᠦᠰ ᠤᠨ ᠤᠷᠮ᠎ᠠ ᠵᠤᠷᠢᠭ ᠢ ᠬᠦᠪᠴᠢᠯᠡᠭᠰᠡᠨ ᠰᠠᠶᠢᠨ ᠢᠯᠡᠳᠭᠡᠯ ᠪᠤᠯᠵᠡᠢ ᠬᠡᠵᠤ ᠦᠵᠡᠵᠡᠬᠡᠪᠡ᠃ | ᠲᠥᠯᠥᠭᠡᠯᠡᠭᠴᠢᠳ᠂ 2021 ᠤᠨ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠮᠦᠨ᠃ | ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠵᠠᠭᠤᠨ ᠵᠢᠯ ᠳᠤ ᠲᠤᠬᠢᠶᠠᠯᠳᠤᠭ᠎ᠠ | ᠦᠬᠡᠢ ᠬᠤᠪᠢᠰᠤᠯᠲᠠ ᠪᠣᠯᠤᠨ ᠵᠠᠭᠤᠨ ᠵᠢᠯ ᠳᠤ ᠲᠤᠬᠢᠶᠠᠯᠳᠤᠭ᠎ᠠ ᠦᠬᠡᠢ ᠬᠢᠵᠢᠭ ᠤᠨ ᠪᠠᠶᠢᠳᠠᠯ ᠢ ᠯᠠᠪᠳᠠᠭᠤᠨ ᠪᠠᠳᠤᠳᠡᠢ ᠠᠷᠭᠠᠴᠠᠭᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠦᠯᠦᠪᠵᠢᠬᠦᠯᠬᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠡᠢ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ | ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠠᠰᠠ ᠴᠦ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ ᠬᠡᠵᠤ ᠦᠵᠡᠵᠡᠬᠡᠪᠡ᠃ ᠲᠥᠯᠥᠭᠡᠯᠡᠭᠴᠢᠳ᠂ ᠰᠢᠨ᠎ᠡ ᠨᠢᠭᠡᠨ ᠵᠢᠯ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦᠨ᠂ ᠵᠦᠪ ᠣᠨᠣᠪᠴᠢᠲᠠᠶ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠴᠦᠬᠦᠷᠡᠰᠢ ᠦᠬᠡᠢ | ᠪᠠᠷᠢᠮᠳᠠᠯᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ | ᠲᠦᠷᠭᠡᠳᠭᠡᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠦᠪᠵᠢᠬᠦᠯᠦᠨ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠦᠢᠴᠡᠳᠭᠡᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠨ᠎ᠠ ᠬᠡᠵᠤ ᠢᠯᠡᠷᠬᠡᠶᠢᠯᠡᠵᠡᠬᠡᠵᠡᠢ᠃ | | ᠵᠠᠩ ᠯᠧᠢ᠂ ᠭᠦᠸᠧ ᠶᠠᠨ ᠯᠢᠩ᠂ ᠵᠢᠶᠠ ᠷᠦᠨ ᠠᠨ᠂ ᠸᠠᠩ ᠰᠢᠶᠤᠤ ᠬᠤᠩ᠂ ᠹᠧᠩ ᠶᠠᠨ ᠯᠢ᠂ ᠵᠣᠣ ᠬᠤᠶ ᠵᠢᠶᠧ᠂ ᠱᠢ ᠢᠦᠢ ᠳ᠋ᠦᠩ ᠵᠡᠷᠭᠡ 7 | ᠲᠥᠯᠥᠭᠡᠯᠡᠭᠴᠢ ᠲᠤᠰ ᠲᠤᠰ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠬᠤ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠡ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠬᠦᠯᠬᠦ ᠳᠤ ᠬᠦᠴᠦᠨ | ᠨᠡᠮᠡᠷᠢᠯᠡᠬᠦ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ ᠪᠢᠴᠢᠭ ᠵᠢᠭᠠᠵᠤ | ᠬᠥᠮᠦᠨ ᠬᠥᠮᠦᠵᠢᠭᠦᠯᠬᠦ ᠪᠥᠬᠦ ᠶᠠᠪᠤᠴᠠ ᠳᠤ ᠠᠭᠤᠰᠤᠯᠴᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠠᠨᠰᠠᠷ ᠤᠨ ᠠᠶᠠᠯᠠᠯ ᠤᠨ ᠬᠦᠴᠦᠨ | ᠴᠢᠲᠡᠯ ᠢᠶᠠᠨ ᠡᠷᠭᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠲᠡᠨ ᠤ ᠰᠦ ᠶᠢᠨ ᠦᠶ᠋ᠯᠡᠰ ᠢ ᠬᠥᠭᠵᠢᠭᠦᠯᠦᠨ | ᠮᠠᠨᠳᠤᠭᠤᠯᠬᠤ ᠵᠡᠷᠭᠡ ᠲᠠᠯ᠎ᠠ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠠᠨᠠᠯ ᠰᠠᠨᠠᠭᠤᠯᠭ᠎ᠠ ᠪᠠᠨ | ᠶᠠᠷᠢᠭᠰᠠᠨ ᠪᠠᠶᠢᠨ᠎ᠠ᠃ | |