ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ ᠷᠧᠨ ᠶᠠ ᠫᠢᠩ ᠨᠡᠷ ᠬᠢᠨᠠᠨ ᠵᠥᠪᠯᠡᠬᠦ ᠳᠤ ᠣᠷᠣᠯᠴᠠᠵᠠᠢ
ᠨᠡᠶᠢᠲᠡᠯᠡᠭᠰᠡᠨ ᠴᠠᠭ᠄
2022/3/8
     3 ᠰᠠᠷ᠎ᠠ ᠶᠢᠨ 5 ᠤ ᠦᠳᠡ ᠶᠢᠨ ᠬᠤᠶᠢᠨ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃      ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ᠂ ᠯᠢᠦ ᠰᠢᠨ ᠯᠧ᠂ ᠠᠨ ᠷᠦᠨ ᠱᠧᠩ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠡᠷᠬᠢᠯᠡᠭᠴᠢ ᠭᠡᠰᠢᠭᠦᠨ ᠳ᠋ᠦᠩ ᠾᠧᠩ ᠢᠦ᠋ᠶ ᠬᠢᠨᠠᠨ ᠵᠥᠪᠯᠡᠬᠦ ᠳᠤ ᠣᠷᠣᠯᠴᠠᠪᠠ᠃     ᠭᠡᠰᠢᠭᠦᠳ᠂ ᠢᠯᠡᠳᠭᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠵᠢ ᠲᠤᠭᠤᠰᠢᠯᠠᠭᠤᠯᠵᠤ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠭᠤᠣᠯ ᠲᠡᠩᠭᠡᠯᠢᠭ ᠭᠤᠣᠯ ᠱᠤᠭᠤᠮ᠂ ᠭᠤᠣᠯ ᠭᠤᠭᠴᠤᠭ᠎ᠠ ᠶᠢ ᠪᠠᠲᠤ ᠡᠵᠡᠮᠳᠡᠵᠦ᠂ ᠠᠮᠵᠢᠯᠲᠠ ᠪᠦᠲᠦᠮᠵᠢ ᠪᠠᠨ ᠳ᠋ᠦᠩᠨᠡᠭᠰᠡᠨ ᠨᠢ ᠪᠤᠰᠤᠳᠴᠢ ᠪᠥᠭᠡᠳ ᠪᠦᠬᠦ ᠲᠠᠯ᠎ᠠ ᠶᠢᠨ ᠪᠠᠶᠢᠵᠤ᠂ ᠦᠨᠡᠨ ᠪᠤᠳᠠᠳᠠᠢ ᠶᠢ ᠡᠷᠬᠢᠮᠯᠡᠵᠦ᠂ ᠠᠵᠢᠯ ᠤᠨ ᠪᠠᠶᠢᠷᠢᠯᠠᠭᠤᠯᠤᠯᠳᠠ ᠭᠤᠣᠯᠳᠠᠯᠭ᠎ᠠ ᠲᠤᠪᠤᠶᠢᠮ᠎ᠠ᠂ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠬᠥᠮᠦᠰ ᠤᠨ ᠰᠡᠳᠭᠢᠯ ᠢ ᠵᠣᠷᠢᠭᠵᠢᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ ᠰᠠᠶᠢᠨ ᠢᠯᠡᠳᠭᠡᠯ ᠪᠣᠯᠵᠠᠢ ᠭᠡᠵᠦ ᠰᠠᠨᠠᠯ ᠨᠢᠭᠡᠲᠡᠢ ᠦᠵᠡᠵᠡᠭᠡᠪᠡ᠃     ᠭᠡᠰᠢᠭᠦᠳ᠂ ᠥᠩᠭᠡᠷᠡᠭᠰᠡᠨ ᠨᠢᠭᠡ ᠵᠢᠯ ᠳᠤ᠂ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠪᠠᠶᠢᠳᠠᠯ ᠪᠠ ᠮᠠᠰᠢ ᠤᠯᠠᠨ ᠠᠶᠤᠯ ᠲᠦᠭᠰᠢᠬᠦᠷᠢ ᠥᠷᠢᠰᠥᠯᠳᠦᠭᠡᠨ ᠤ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠪᠥᠬᠦ ᠤᠯᠤᠰ ᠤᠨ ᠬᠤᠷᠢᠶ᠎ᠠ ᠵᠢᠴᠢ ᠪᠠᠶᠢᠩᠭᠤ ᠶᠢᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠪᠠᠷ ᠭᠤᠤᠯ ᠰᠢᠵᠢᠮ ᠪᠣᠯᠭᠠᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠪᠠᠨ ᠴᠢᠩᠭᠠᠳᠬᠠᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ ᠲᠤᠰᠬᠠᠶ ᠵᠥᠪᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠨᠠᠮ ᠪᠣᠯᠤᠨ ᠤᠯᠤᠰ ᠤᠨ ᠠᠵᠢᠯ ᠦᠶ᠋ᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠶ ᠭᠡᠵᠦ ᠦᠵᠡᠵᠡᠭᠡᠪᠡ᠃      ᠡᠨᠡ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠵᠠᠮ ᠳᠠᠭᠠᠨ ᠮᠤᠷᠳᠠᠬᠤ ᠴᠢᠬᠤᠯᠠ ᠨᠢᠭᠡ ᠵᠢᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠠᠰᠠ ᠴᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠡᠬᠦᠯ ᠬᠤᠷᠢᠶᠠᠬᠤ ᠵᠢᠯ ᠮᠥᠨ᠃ ᠭᠡᠰᠢᠭᠦᠳ ᠤᠨ ᠦᠵᠡᠬᠦ ᠪᠠᠷ᠂ ᠡᠨᠡ ᠵᠢᠯ ᠤᠨ ᠠᠵᠢᠯ ᠢ ᠰᠠᠶᠢᠲᠤᠷ ᠬᠢᠬᠦ ᠶᠢᠨ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ ᠃ ᠢᠯᠡᠳᠭᠡᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ ᠠᠮᠵᠢᠯᠲᠠ ᠲᠠᠢ ᠬᠤᠷᠠᠯᠳᠤᠭᠤᠯᠬᠤ ᠶᠢᠨ ᠲᠣᠭᠤᠷᠢᠨ ᠳᠤ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠶᠢᠨ ᠲᠥᠯᠥᠭᠡ ᠴᠢᠷᠮᠠᠶᠢᠨ ᠳᠡᠮᠡᠴᠡᠬᠦ ᠬᠡᠷᠡᠭᠳᠡᠢ ᠬᠡᠵᠦ ᠳᠤᠷᠠᠳᠤᠭᠰᠠᠨ ᠪᠦᠬᠡᠳ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ ᠵᠡᠷᠭᠡ ᠲᠠᠯ᠎ᠠ ᠪᠠᠷ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠡᠨᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠭᠰᠠᠨ ᠪᠠᠶᠢᠨ᠎ᠠ᠃      ᠭᠡᠰᠢᠭᠦᠳ᠂ ᠢᠯᠡᠳᠭᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ︽ᠤᠯᠤᠰ ᠤᠨ ᠶᠡᠭᠡ ᠶᠠᠪᠤᠳᠠᠯ︾ ᠪᠣᠯᠤᠨ ᠠᠷᠠᠳ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠦᠨᠡᠨ ᠪᠣᠳᠠᠲᠠᠢ ᠶᠢ ᠡᠷᠬᠢᠮᠯᠡᠭᠰᠡᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠰᠣᠳᠣ ᠮᠡᠷᠭᠡᠨ ᠠᠷᠭ᠎ᠠ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠠᠷᠠᠳ ᠲᠤ ᠠᠰᠢᠭ ᠬᠦᠷᠲᠡᠭᠡᠬᠦ ᠶᠠᠪᠤᠳᠠᠯ ᠢ ᠢᠯᠡᠭᠦᠬᠡᠨ ᠪᠣᠳᠣᠯᠬᠢᠯᠠᠵᠤ ᠂ ᠪᠦᠯᠬᠦᠮᠳᠡᠯ ᠤᠨ ᠬᠦᠴᠦᠨ ᠢ ᠢᠯᠡᠭᠦᠬᠡᠨ ᠨᠢᠭᠲᠠᠷᠠᠭᠤᠯᠵᠤ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠳᠤ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠨ᠎ᠠ ᠬᠡᠵᠦ ᠢᠯᠡᠷᠭᠡᠶᠢᠯᠡᠵᠡᠭᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ