ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠦ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠶᠠᠷᠢᠯᠴᠠᠵᠠᠢ ᠷᠧᠨ ᠶᠠ ᠫᠢᠩ ᠨᠠᠷ ᠶᠠᠷᠢᠯᠴᠠᠬᠤ ᠳᠤ ᠤᠷᠤᠯᠴᠠᠵᠠᠢ
ᠨᠡᠶᠢᠲᠡᠯᠡᠭᠰᠡᠨ ᠴᠠᠭ᠄
2022/3/8
     3 ᠰᠠᠷ᠎ᠠ ᠶᠢᠨ 6 ᠤ ᠡᠳᠦᠷ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠮᠠᠨ ᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷ ᠤᠨ ᠡᠯ᠎ᠡ ᠡᠲᠡᠭᠡᠳ ᠢᠯᠭᠠᠯ ᠤᠨ ᠳᠤᠭᠤᠶᠢᠯᠠᠩ ᠳᠠᠭᠠᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠶᠠᠷᠢᠯᠴᠠᠪᠠ᠃     ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠤᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ᠂ ᠯᠢᠦ ᠰᠢᠨ ᠯᠧ᠂ ᠠᠨ ᠷᠦᠨ ᠱᠧᠩ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠡᠷᠬᠢᠯᠡᠭᠴᠢ ᠭᠡᠰᠢᠭᠦᠨ ᠳ᠋ᠦᠩ ᠾᠧᠩ ᠢᠦᠢ ᠶᠠᠷᠢᠯᠴᠠᠬᠤ ᠳᠤ ᠣᠷᠣᠯᠴᠠᠪᠠ᠃      ᠶᠠᠷᠢᠯᠴᠠᠯᠭ᠎ᠠ ᠶᠢᠨ ᠠᠬᠤᠢ ᠲᠠᠯᠠᠪᠠᠢ ᠳᠤ᠂ ᠭᠡᠰᠢᠭᠦᠳ ᠥᠪᠡᠷ ᠥᠪᠡᠷ ᠤᠨ ᠠᠵᠢᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠦᠭᠡ ᠬᠡᠯᠡᠵᠡᠭᠡᠪᠡ᠃ ᠣᠯᠠᠨ ᠢᠶᠠᠷ ᠢᠶᠠᠨ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ᠂ ᠰᠡᠳᠭᠢᠯ ᠢ ᠨᠢᠭᠲᠠᠷᠠᠭᠤᠯᠤᠨ ᠬᠦᠴᠦᠨ ᠢ ᠬᠠᠮᠳᠤᠳᠬᠠᠭᠰᠠᠨ᠂ ᠬᠥᠭᠵᠢᠯᠲᠡ ᠶᠢ ᠬᠥᠲᠥᠯᠦᠨ ᠳᠠᠭᠠᠭᠤᠯᠤᠭᠰᠠᠨ ᠰᠠᠶᠢᠨ ᠢᠯᠡᠳᠭᠡᠯ ᠪᠣᠯᠵᠠᠢ᠃ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ ᠤᠨ ᠬᠤᠪᠢᠷᠠᠯᠲᠠ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠢ ᠯᠠᠪᠳᠠᠭᠤᠨ ᠢᠶᠠᠷ ᠠᠷᠭᠠᠴᠠᠭᠠᠵᠤ᠂ ᠨᠠᠮ ᠪᠠ ᠤᠯᠤᠰ ᠣᠷᠣᠨ ᠤ ᠠᠵᠢᠯ ᠦᠢᠯᠡᠰ ᠤᠨ ᠴᠢᠬᠤᠯᠠ ᠶᠡᠭᠡ ᠰᠢᠨ᠎ᠡ ᠠᠮᠵᠢᠯᠲᠠ ᠣᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ ᠭᠡᠵᠤ ᠦᠵᠡᠵᠡᠭᠡᠪᠡ᠃     ᠭᠡᠰᠢᠭᠦᠳ᠂ ᠢᠯᠡᠳᠭᠡᠯ ᠳᠤ ᠡᠨᠡ ᠵᠢᠯ ᠵᠢᠴᠢ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠢᠯ ᠳᠤ ᠰᠢᠰᠲ᠋ᠧᠮ ᠲᠠᠢ ᠠᠷᠭ᠎ᠠ ᠪᠣᠳᠣᠯᠭ᠎ᠠ ᠲᠣᠭᠲᠠᠭᠠᠵᠤ᠂ ᠳᠤᠷᠠᠳᠤᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ᠂ ᠲᠣᠭᠲᠠᠭᠠᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠭᠰᠠᠨ ᠪᠦᠭᠡᠳ ᠪᠠᠰᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠬᠠᠷᠠᠯᠲᠠ ᠲᠣᠳᠣᠷᠬᠠᠢ᠂ ᠭᠤᠤᠯᠳᠠᠯᠭ᠎ᠠ ᠳᠣᠪᠤᠶᠢᠮ᠎ᠠ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠨ᠎ᠠ᠃ ᠢᠯᠠᠩᠭᠤᠶ᠎ᠠ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠤᠨ ᠲᠣᠭᠤᠷᠢᠨ ᠳᠤ ᠣᠨᠣᠪᠴᠢᠲᠠᠢ ᠪᠠᠶᠢᠷᠢᠯᠠᠭᠤᠯᠤᠯᠲᠠ ᠬᠢᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠨᠡᠶᠢᠴᠡᠭᠦᠯᠦᠭᠰᠡᠨ ᠪᠠᠶᠢᠨ᠎ᠠ᠃ ᠥᠪᠥᠷ ᠮᠣᠩᠭᠤᠯ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠤᠲᠠ ᠬᠥᠳᠡᠭᠡ ᠶᠢᠨ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠭᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠦᠵᠡᠵᠡᠭᠡᠵᠡᠢ᠃     ᠭᠡᠰᠢᠭᠦᠳ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠨᠠᠮ ᠵᠠᠰᠠᠭ ᠤᠨ ᠭᠤᠤᠯ ᠠᠵᠢᠯ ᠪᠣᠯᠤᠨ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠢᠳᠡᠪᠬᠢᠲᠡᠢ ᠪᠠᠷ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠬᠡᠶ᠎ᠡ ᠭᠡᠵᠤ ᠢᠯᠡᠷᠭᠡᠶᠢᠯᠡᠵᠡᠭᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ