ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤᠭᠤᠶᠢᠯᠠᠩ ᠤᠨ ᠬᠤᠷᠠᠯ ᠬᠢᠵᠥ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠥ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠦᠷᠭᠦᠯᠵᠢᠯᠡᠨ ᠬᠢᠨᠠᠨ ᠵᠦᠪᠯᠡᠵᠥ ᠲᠥᠯᠥᠪᠯᠡᠭᠡ ᠶᠢᠨ ᠮᠡᠳᠡᠭᠦᠯᠦᠯᠲᠡ ᠪᠠ ᠲᠥᠰᠦᠯ ᠲᠥᠰᠦᠪ ᠤᠨ ᠮᠡᠳᠡᠭᠦᠯᠦᠯᠲᠡ ᠪᠠ ᠲᠥᠰᠦᠯ ᠢ ᠬᠢᠨᠠᠨ ᠪᠠᠶᠢᠴᠠᠭᠠᠪᠠ ᠱᠢ ᠲᠠᠢ ᠹᠧᠩ ᠸᠠᠩ ᠯᠢ ᠰᠢᠶᠠ ᠯᠢ ᠰᠢᠤ ᠯᠢᠩ ᠯᠢ ᠵᠶᠢ ᠾᠧᠩ ᠪᠦ᠋ ᠰᠢᠶᠤᠤ ᠯᠢᠨ ᠹᠦ᠋ ᠶᠢᠩ ᠦᠭᠡ ᠬᠡᠯᠡᠵᠡᠢ
ᠨᠡᠶᠢᠲᠡᠯᠡᠭᠰᠡᠨ ᠴᠠᠭ᠄
2022/3/8
    3 ᠰᠠᠷ᠎ᠠ ᠶᠢᠨ 6 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠳᠤᠭᠤᠶᠢᠯᠠᠩ ᠤᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠦᠷᠭᠦᠯᠵᠢᠯᠡᠨ ᠬᠢᠨᠠᠨ ᠵᠥᠪᠯᠡᠵᠦ᠂ ᠲᠥᠯᠥᠪᠯᠡᠭᠡ ᠶᠢᠨ ᠮᠡᠳᠡᠭᠦᠯᠦᠯᠲᠡ ᠪᠠ ᠲᠥᠰᠦᠯ ᠲᠥᠰᠦᠪ ᠤᠨ ᠮᠡᠳᠡᠭᠦᠯᠦᠯᠲᠡ ᠪᠠ ᠲᠥᠰᠦᠯ ᠢ ᠬᠢᠨᠠᠨ ᠪᠠᠶᠢᠴᠠᠭᠠᠪᠠ᠃      ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠦᠭᠡ ᠬᠡᠯᠡᠵᠦ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ᠂ ᠯᠢ ᠰᠢᠤ ᠯᠢᠩ ᠦᠭᠡ ᠬᠡᠯᠡᠵᠦ᠂ ᠮᠧᠩ ᠹᠠᠨ ᠯᠢ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠢᠦᠢ ᠯᠢ ᠰᠢᠨ ᠲᠤᠰ ᠲᠤᠰ ᠦᠳᠡ ᠶᠢᠨ ᠡᠮᠦᠨ᠎ᠡ ᠪᠠ ᠦᠳᠡ ᠶᠢᠨ ᠬᠤᠶᠢᠨᠠᠬᠢ ᠳᠤᠭᠤᠶᠢᠯᠠᠩ ᠤᠨ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠵᠡᠢ᠃ ᠳᠤᠭᠤᠶᠢᠯᠠᠩ ᠤᠨ ᠬᠤᠷᠠᠯ ᠳᠡᠭᠡᠷ᠎ᠡ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠦᠬᠦᠳ ᠰᠦᠯᠵᠢᠶᠡᠨ ᠤ ᠸᠢᠳᠢᠣ᠋ ᠬᠡᠯᠪᠡᠷᠢ ᠪᠠᠷ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠢ ᠬᠦᠯᠢᠶᠡᠨ ᠠᠪᠴᠤ ᠰᠣᠨᠣᠰᠪᠠ᠃      ᠱᠢ ᠲᠠᠢ ᠹᠧᠩ ᠲᠥᠯᠥᠭᠡᠯᠡᠭᠴᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠪᠥᠬᠦ ᠲᠠᠯ᠎ᠠ ᠶᠢᠨ ᠪᠠ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠲᠦᠢᠯ ᠤᠨ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠪᠠ᠃ ᠪᠢᠳᠡ ︽ᠬᠤᠶᠠᠷ ᠢ ᠲᠣᠭᠲᠠᠭᠠᠬᠤ︾ ᠶᠢᠨ ᠰᠢᠶ᠋ᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠶ᠋ᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠬᠡᠢ ᠰᠤᠷᠤᠯᠴᠠᠨ ᠦᠢᠯᠠᠭᠠᠵᠥ᠂ ᠣᠨᠣᠪᠴᠢᠲᠠᠶ ᠤᠶᠢᠯᠠᠭᠠᠨ ᠡᠵᠡᠮᠰᠢᠵᠦ᠂ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠣᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠤᠯᠤᠰ ᠲᠦᠷᠦ᠂ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠤᠷᠴᠡ ᠠᠴᠠ ︽ᠲᠠᠪᠤᠨ ᠵᠠᠶᠢᠯᠠᠰᠢ ᠦᠬᠡᠢ ᠵᠠᠮᠨᠠᠬᠤ ᠵᠠᠮ︾ ᠢᠶᠠᠷ ᠡᠷᠡᠰ ᠪᠠᠳᠤ ᠤᠬᠠᠮᠰᠠᠷ ᠠᠴᠠ ᠪᠠᠨ ᠰᠠᠶᠢᠲᠤᠷ ᠵᠠᠮᠨᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠢ ᠪᠦᠬᠦ ᠲᠠᠯ᠎ᠠ ᠶᠢᠨ ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠡᠯᠪᠠᠶᠢᠭᠦᠦ ᠶᠢ ᠵᠠᠯᠠᠷᠠᠭᠤᠯᠤᠨ ᠴᠢᠭᠯᠡᠯ ᠢ ᠵᠦᠪᠰᠢᠷᠡᠬᠦᠯᠬᠦ ᠠᠵᠢᠯ ᠢ ᠢᠳᠡᠪᠬᠢᠲᠡᠢ ᠪᠥᠭᠡᠳ ᠪᠣᠯᠭᠤᠮᠵᠢᠲᠠᠢ᠂ ᠦᠷᠭᠦᠯᠵᠢᠯᠡᠨ ᠭᠦᠨᠵᠡᠭᠡᠢ ᠠᠬᠢᠭᠤᠯᠵᠤ᠂ ᠤᠷᠢᠬᠠᠨ ᠰᠠᠯᠬᠢ ᠥᠭᠭᠢᠶᠡᠮᠦᠷ ᠬᠤᠷ᠎ᠠ ᠪᠠᠷ᠂ ᠦᠯᠦ ᠮᠡᠳᠡᠭᠳᠡᠮ᠎ᠡ ᠨᠦᠯᠦᠭᠡᠯᠡᠯ ᠢᠶᠠᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠣᠳᠠᠲᠠᠢ ᠪᠥᠭᠡᠳ ᠭᠦᠨᠵᠡᠭᠡᠢ ᠥᠷᠨᠢᠭᠦᠯᠵᠦ᠂ ᠪᠣᠳᠠᠲᠠᠢ ᠠᠳᠬᠤᠬᠤ᠂ ᠤᠯᠠᠨ ᠳᠤ ᠣᠶᠢᠯᠠᠭᠠᠭᠳᠠᠬᠤ᠂ ᠬᠥᠮᠦᠵᠢᠯ ᠪᠦᠲᠦᠮᠵᠢᠲᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠨᠡ ᠬᠦ ᠬᠥᠪᠴᠢ ᠶᠢ ᠴᠠᠭ ᠢᠮᠠᠭᠲᠠ ᠰᠤᠯᠠᠷᠠᠭᠤᠯᠤᠯ ᠦᠭᠡᠢ ᠴᠢᠩᠭᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠯᠠᠪᠳᠠᠭᠤᠨ ᠢᠶᠠᠷ ᠪᠠᠭᠠᠰᠬᠠᠬᠤ ᠳᠤᠮᠳᠠ ︽ᠬᠤᠶᠠᠷ ᠰᠠᠭᠤᠷᠢᠨ︾ ᠢ ᠴᠢᠨᠠᠷ ᠰᠠᠶᠢᠲᠠᠢ ᠪᠠᠷ ᠪᠦᠳᠦᠭᠡᠨ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃      ᠱᠢ ᠲᠠᠢ ᠹᠧᠩ ᠲᠥᠯᠥᠭᠡᠯᠡᠭᠴᠢ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳ᠋ᠦᠩᠨᠡᠭᠰᠡᠨ ᠠᠮᠵᠢᠯᠲᠠ ᠨᠢ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠲᠣᠭᠲᠠᠭᠠᠭᠰᠠᠨ ᠬᠠᠷᠠᠯᠲᠠ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠵᠤ᠂ ᠳᠤᠷᠠᠳᠤᠭᠰᠠᠨ ᠠᠷᠭ᠎ᠠ ᠬᠡᠮᠵᠢᠶ᠎ᠡ ᠨᠢ ᠪᠣᠳᠠᠲᠠᠶ ᠶᠢ ᠡᠷᠬᠢᠮᠯᠡᠭᠰᠡᠨ ᠪᠥᠭᠡᠳ ᠬᠦᠴᠦᠲᠡᠶ᠂ ᠲᠥᠷᠥ ᠶᠢᠨ ᠪᠣᠳᠣᠯᠭ᠎ᠠ ᠶᠢᠨ ᠬᠠᠨᠳᠤᠰᠢ ᠨᠢ ᠲᠣᠳᠣᠷᠬᠠᠶ᠂ ᠡᠭᠦᠷᠭᠡ ᠶᠢᠨ ᠱᠠᠭᠠᠷᠳᠠᠯᠭ᠎ᠠ ᠨᠢ ᠲᠣᠳᠣᠷᠬᠠᠶ ᠪᠠᠶᠢᠵᠤ᠂ ᠵᠣᠭᠰᠣᠴᠠ ᠨᠢ ᠥᠨᠳᠥᠷ᠂ ᠠᠩᠬᠠᠷᠤᠯ ᠢᠶᠠᠨ ᠣᠨᠣᠪᠴᠢᠲᠠᠶ ᠲᠥᠪᠯᠡᠷᠡᠭᠦᠯᠦᠭᠰᠡᠨ᠂ ᠲᠤᠰᠤᠯᠳᠠ ᠨᠢ ᠪᠣᠳᠠᠲᠠᠶ᠂ ᠣᠯᠠᠨ ᠲᠦᠮᠡᠨ ᠲᠠᠢ ᠣᠶᠢᠷᠠᠲᠤᠭᠰᠠᠨ᠂ ᠢᠲᠡᠭᠡᠯ ᠵᠣᠷᠢᠭ ᠢ ᠬᠥᠪᠴᠢᠯᠡᠭᠰᠡᠨ ᠰᠠᠶᠢᠨ ᠮᠡᠳᠡᠭᠦᠯᠦᠯᠲᠡ ᠪᠣᠯᠵᠠᠶ᠃ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠬᠦᠴᠦᠲᠡᠢ ᠠᠬᠢᠭᠤᠯᠬᠤ ᠨᠢ ᠯᠠᠪᠲᠠᠢ ᠶᠤᠮ ᠭᠡᠵᠤ ᠬᠡᠯᠡᠪᠡ᠃     ᠸᠠᠩ ᠯᠢ ᠰᠢᠶᠠ ᠲᠥᠯᠥᠭᠡᠯᠡᠭᠴᠢ᠂ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠢᠷᠡᠵᠤ ᠴᠢᠬᠤᠯᠠ ᠶᠠᠷᠢᠶ᠎ᠠ ᠲᠠᠯᠪᠢᠪᠠ᠂ ᠡᠨᠡ ᠪᠣᠯ ᠲᠤᠰ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠲᠠᠪᠤᠳᠠᠬᠢ ᠤᠳᠠᠭ᠎ᠠ ᠪᠢᠳᠠᠨ ᠲᠠᠢ ᠰᠡᠳᠭᠢᠯ ᠢᠶᠠᠨ ᠤᠯᠤᠯᠴᠠᠨ ᠰᠠᠨᠠᠯ ᠢᠶᠠᠨ ᠰᠣᠯᠢᠯᠴᠠᠵᠤ᠂ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠵᠦ ᠪᠠᠶᠢᠭ᠎ᠠ ᠶᠠᠪᠤᠳᠠᠯ ᠪᠣᠯᠬᠤ ᠪᠥᠭᠡᠳ ᠪᠠᠰᠠ ᠴᠤ ᠶᠡᠷᠦᠩᠬᠡᠢ ᠱᠦᠵᠢ ᠲᠠᠪᠤᠨ ᠵᠢᠯ ᠳᠠᠷᠠᠭᠠᠯᠠᠨ ᠥᠪᠥᠷ ᠮᠣᠩᠭᠤᠯ ᠤᠨ ᠬᠥᠭᠵᠢᠯᠲᠡ ᠳᠤ ᠰᠤᠳᠠᠯ ᠪᠠᠷᠢᠵᠤ ᠴᠢᠭᠯᠡᠯ ᠢ ᠲᠣᠭᠲᠠᠭᠠᠵᠤ᠂ ᠱᠠᠭᠠᠷᠳᠠᠯᠭ᠎ᠠ ᠳᠤᠷᠠᠳᠴᠤ ᠪᠠᠶᠢᠭ᠎ᠠ ᠶᠠᠪᠤᠳᠠᠯ ᠪᠣᠯᠤᠨ᠎ᠠ᠃ ᠪᠢᠳᠡ ᠵᠠᠪᠠᠯ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠤ᠂ ᠶᠡᠷᠦᠩᠬᠡᠶ ᠱᠦᠵᠢ ᠶᠢᠨ ᠪᠠᠰᠠ ᠨᠢᠭᠡ ᠤᠳᠠᠭ᠎ᠠ ᠶᠢᠨ ᠨᠢᠭᠤᠷᠳᠠᠵᠤ ᠶᠠᠷᠢᠬᠰᠠᠨ ᠴᠢᠩ ᠰᠡᠳᠬᠢᠯ ᠤᠨ ᠰᠤᠷᠭᠠᠯ ᠢ ᠬᠤᠪᠢ ᠲᠠᠬᠢᠨ ᠨᠠᠨᠳᠢᠩᠨᠡᠵᠤ᠂ ᠰᠡᠳᠭᠢᠯ ᠲᠠᠯᠪᠢᠨ ᠣᠶᠢᠯᠠᠭᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢ ᠢᠮᠠᠬᠳᠠ ᠪᠠᠷᠢᠮᠳᠠᠯᠠᠨ ᠡᠷᠡᠰ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠲᠡᠷᠡ ᠶᠤᠰᠤᠭᠠᠷ ᠨᠢ ᠰᠠᠶᠢᠳᠤᠷ ᠬᠦᠢᠴᠡᠳᠭᠡᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠶ᠋ᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠶᠢᠳᠤᠷ ᠬᠦᠢᠴᠡᠳᠭᠡᠵᠤ᠂ ᠠᠵᠤ ᠠᠬᠤᠢ ᠶᠢᠨ ᠲᠣᠭᠲᠠᠭᠤᠨ ᠡᠷᠡᠭᠦᠯ ᠣᠷᠴᠢᠨ ᠲᠤᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠣᠷᠴᠢᠨ ᠲᠣᠭᠤᠷᠢᠨ ᠢ ᠪᠦᠬᠦ ᠬᠦᠴᠤᠨ ᠢᠶᠠᠷ ᠢᠶᠠᠨ ᠪᠠᠳᠤᠯᠠᠵᠤ᠂ ᠥᠪᠥᠷ ᠮᠣᠩᠭᠤᠯ ᠤᠨ ᠠᠮᠤᠷ ᠲᠤᠬᠳᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠵᠤ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠭᠡᠷᠡᠭᠲᠡᠢ᠃ ᠶᠡᠷᠦᠩᠬᠡᠶ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠢᠯᠡ ᠲᠣᠳᠣ ᠤᠯᠤᠰ ᠲᠥᠷᠥ ᠶᠢᠨ ᠤᠳᠤᠷᠢᠳᠤᠮᠵᠢ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠠᠷᠠᠳ ᠤᠨ ᠲᠥᠯᠥᠭᠡ ᠭᠡᠬᠦ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠢᠯᠡᠷᠡᠭᠦᠯᠵᠦ᠂ ᠲᠤᠭ ᠢ ᠥᠨᠳᠥᠷ ᠮᠠᠨᠳᠤᠭᠤᠯᠵᠤ᠂ ᠬᠥᠮᠦᠰ ᠤᠨ ᠰᠡᠳᠭᠢᠯ ᠢ ᠨᠢᠭᠲᠠᠷᠠᠭᠤᠯᠤᠭᠰᠠᠨ ᠰᠠᠶᠢᠨ ᠢᠯᠡᠳᠭᠡᠯ ᠪᠣᠯᠵᠠᠶ᠂ ᠪᠢ ᠪᠦᠷᠢᠮᠦᠰᠦᠨ ᠵᠥᠪᠰᠢᠶᠡᠷᠡᠨ᠎ᠡ ᠭᠡᠵᠤ ᠬᠡᠯᠡᠪᠡ᠃      ᠯᠢ ᠰᠢᠤ ᠯᠢᠩ ᠲᠥᠯᠥᠭᠡᠯᠡᠭᠴᠢ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠵᠥᠪᠰᠢᠶᠡᠷᠡᠨ᠎ᠡ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠠᠭᠤᠤ ᠶᠡᠭᠡ ᠠᠮᠵᠢᠯᠲᠠ ᠪᠦᠲᠦᠮᠵᠢ ᠣᠯᠵᠤ᠂ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠵᠢᠯ ᠴᠢᠬᠤᠯᠠ ᠶᠡᠭᠡ ᠤᠨᠤᠯ᠂ ᠦᠢᠯᠡᠳᠦᠯᠭᠡ ᠪᠠ ᠲᠦᠷᠢᠮ ᠤᠨ ᠦᠷ᠎ᠡ ᠪᠦᠲᠦᠭᠡᠯ ᠣᠯᠤᠭᠰᠠᠨ ᠤ ᠵᠠᠩᠭᠢᠯᠠᠭ᠎ᠠ ᠨᠢ ᠶᠡᠷᠦᠩᠬᠡᠢ ᠱᠦᠵᠢ ᠠᠶᠠᠯᠠᠯ ᠢ ᠵᠢᠯᠣᠭᠤᠳᠤᠨ ᠵᠠᠯᠠᠭᠤᠷ ᠢ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠃ ᠪᠢᠳᠡ ᠨᠢᠳᠤᠨᠤᠨ ᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠣᠯᠤᠭᠰᠠᠨ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠳᠤᠮᠳᠠ ᠠᠴᠠ᠂ ᠰᠢᠨ᠎ᠡ ᠴᠠᠭ ᠦᠶ᠎ᠡ ᠶᠢᠨ ᠨᠠᠮ ᠪᠣᠯᠤᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠭᠰᠠᠨ ᠲᠡᠦᠬᠡᠨ ᠶᠠᠪᠤᠴᠠ ᠠᠴᠠ᠂ ︽ᠵᠠᠶᠢᠯᠠᠰᠢ ᠦᠭᠡᠢ ᠵᠠᠮᠨᠠᠬᠤ ᠵᠠᠮ︾ ᠢᠶᠠᠷ ᠰᠠᠶᠢᠲᠤᠷ ᠵᠠᠮᠨᠠᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠤᠰᠤᠳᠴᠢ ᠬᠡᠷᠡᠭᠴᠡᠭᠡ ᠠᠴᠠ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ︽ᠬᠤᠶᠠᠷ ᠢ ᠬᠠᠮᠠᠭᠠᠯᠠᠬᠤ︾ ᠤᠬᠠᠮᠰᠠᠷ ᠢᠶᠠᠨ ᠴᠢᠩᠭᠠᠳᠬᠠᠬᠤ ᠬᠡᠷᠡᠭᠳᠡᠢ᠃ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠡᠷᠦᠩᠬᠡᠶ ᠱᠠᠭᠠᠷᠳᠠᠯᠭ᠎ᠠ ᠶᠢ ᠲᠤᠭᠤᠰᠢᠯᠠᠭᠤᠯᠵᠤ᠂ 2022 ᠣᠨ ᠤ ᠠᠵᠢᠯ ᠢ ᠰᠠᠶᠢᠲᠤᠷ ᠬᠢᠬᠦ ᠳᠤ᠂ ᠠᠵᠤ ᠦᠶ᠋ᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠠᠵᠤ ᠠᠬᠤᠶ ᠶᠢ ᠪᠣᠬᠢᠷᠲᠤᠯ ᠥᠬᠡᠶ ᠲᠡᠶᠢᠰᠢ ᠬᠤᠪᠢᠷᠠᠭᠤᠯᠬᠤ ᠲᠣᠭᠲᠠᠯ ᠬᠦᠴᠦᠨ ᠢ ᠪᠠᠲᠤᠯᠠᠬᠤ ᠬᠡᠷᠡᠭᠲᠡᠶ᠂ ᠢᠯᠠᠩᠭᠤᠶ᠎ᠠ ᠲᠥᠷᠥ ᠶᠢᠨ ᠪᠣᠳᠣᠯᠭ᠎ᠠ ᠶᠢᠨ ᠠᠰᠢᠭ ᠪᠠ ᠡᠬᠢ ᠪᠠᠶᠠᠯᠢᠭ ᠤᠨ ᠠᠰᠢᠭ ᠤᠨ ᠡᠮᠦᠨ᠎ᠡ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠣᠬᠢᠷᠲᠤᠯ ᠢ ᠪᠠᠭᠠᠰᠬᠠᠬᠤ ᠨᠣᠭᠤᠭᠠᠷᠠᠭᠤᠯᠤᠯᠲᠠ ᠶᠢ ᠥᠷᠭᠡᠳᠭᠡᠬᠦ ᠴᠢᠭᠯᠡᠯ ᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ︔ ᠰᠢᠨ᠎ᠡ ᠡᠨᠧᠷᠭᠢ ᠶᠢᠨ ᠬᠥᠭᠵᠢᠯᠲᠡ ᠨᠢ ᠴᠠᠬᠢᠯᠭᠠᠨ ᠡᠭᠦᠰᠭᠡᠭᠴᠢ᠂ ᠴᠠᠬᠢᠯᠭᠠᠨ ᠲᠣᠣᠷ ᠵᠢᠴᠢ ᠴᠠᠬᠢᠯᠭᠠᠨ ᠬᠦᠷᠭᠡᠬᠦ ᠴᠠᠬᠢᠯᠭᠠᠨ ᠲᠦᠭᠡᠭᠡᠬᠦ ᠶᠢ ᠪᠦᠬᠦ ᠲᠠᠯ᠎ᠠ ᠪᠠᠷ ᠬᠠᠮᠤᠷᠴᠤ᠂ ᠰᠡᠯᠬᠦᠭᠡ ᠮᠠᠶ᠋ᠢᠭ ᠢᠶᠠᠷ ᠴᠠᠬᠢᠯᠭᠠᠨ ᠭᠠᠷᠭᠠᠬᠤ ᠪᠠ ᠣᠷᠭᠢᠯ ᠬᠤᠭᠤᠴᠠᠭ᠎ᠠ ᠶᠢ ᠲᠣᠬᠢᠷᠠᠭᠤᠯᠬᠤ᠂ ᠡᠨᠧᠷᠭᠢ ᠬᠠᠳᠠᠭᠠᠯᠠᠬᠤ ᠶᠢᠨ ᠬᠠᠷᠢᠴᠠᠭ᠎ᠠ ᠶᠢ ᠠᠩᠬᠠᠷᠴᠤ᠂ ᠣᠷᠣᠨ ᠤ ᠳᠣᠲᠣᠷᠠᠬᠢ ᠪᠠᠭᠳᠠᠭᠠᠨ ᠰᠢᠩᠭᠡᠭᠡᠬᠦ ᠪᠠ ᠭᠠᠳᠠᠭᠰᠢ ᠬᠦᠷᠭᠡᠬᠦ ᠶᠢ ᠨᠢᠭᠡᠳᠦᠯᠲᠡᠶ ᠲᠥᠯᠥᠪᠵᠢᠬᠦᠯᠵᠤ᠂ ᠬᠠᠮᠢᠶ᠎ᠠ ᠪᠦᠬᠦᠢ ᠦᠵᠦ ᠲᠥᠯᠥᠪᠵᠢᠭᠦᠯᠭᠡ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠵᠣᠬᠢᠴᠠᠩᠭᠤᠢ ᠴᠢᠨᠠᠷ ᠢ ᠨᠡᠮᠡᠭᠳᠡᠭᠦᠯᠬᠦ ᠬᠡᠷᠡᠭᠲᠡᠶ︔ ᠪᠡᠯᠡ ᠣᠷᠣᠭᠤᠯᠤᠯᠲᠠ ᠶᠢᠨ ᠨᠡᠮᠡᠭᠳᠡᠯ ᠤᠨ ᠳᠠᠶᠢᠴᠢᠯᠠᠯᠳᠠ ᠳᠠᠬᠢ ᠲᠤᠰᠬᠠᠶ ᠵᠦᠢᠯ ᠤᠨ ᠵᠢᠭᠡᠯᠡᠯᠭᠡ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠪᠣᠳᠠᠲᠤ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠶᠢᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠬᠡᠯᠡᠪᠡ᠃     ᠯᠢ ᠵᠢᠶ ᠾᠧᠩ ᠲᠥᠯᠥᠭᠡᠯᠡᠭᠴᠢ᠂ ᠶᠡᠷᠦᠩᠬᠡᠶ ᠰᠠᠶᠢᠳ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠤᠨ ᠳ᠋ᠦᠩᠨᠡᠯᠳᠠ ᠨᠢ ᠪᠤᠰᠤᠳᠴᠢ ᠪᠦᠭᠡᠳ ᠵᠣᠷᠢᠭ ᠢ ᠬᠥᠪᠴᠢᠯᠡᠵᠦ᠂ ᠪᠠᠶᠢᠳᠠᠯ ᠤᠨ ᠵᠠᠳᠠᠯᠤᠯᠳᠠ ᠨᠢ ᠬᠤᠪᠢᠰᠤᠩᠭᠤᠶ ᠪᠦᠭᠡᠳ ᠰᠢᠨᠵᠢᠯᠡᠬᠦ ᠤᠬᠠᠭᠠᠨᠴᠢ᠂ ᠲᠥᠷᠥ ᠶᠢᠨ ᠪᠣᠳᠣᠯᠭ᠎ᠠ ᠶᠢᠨ ᠬᠠᠨᠳᠤᠰᠢ ᠲᠣᠳᠣᠷᠬᠠᠶ᠂ ᠡᠭᠦᠷᠭᠡ ᠶᠢᠨ ᠪᠠᠶᠢᠷᠢᠯᠠᠭᠤᠯᠤᠯᠲᠠ ᠣᠨᠣᠪᠴᠢᠲᠠᠶ ᠵᠤᠬᠢᠰᠳᠠᠢ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠦᠴᠦᠲᠡᠶ ᠬᠠᠷᠢᠭᠤᠯᠲᠠ ᠥᠭᠴᠦ᠂ ᠤᠯᠤᠰ ᠲᠥᠷᠥ ᠶᠢᠨ ᠴᠢᠨᠠᠷ᠂ ᠵᠢᠯᠣᠭᠤᠳᠬᠤ ᠴᠢᠨᠠᠷ᠂ ᠬᠡᠷᠡᠭᠵᠢᠭᠦᠯᠬᠦ ᠴᠢᠨᠠᠷ ᠢᠶᠠᠷ ᠴᠥᠮ ᠮᠠᠰᠢ ᠴᠢᠩᠭ᠎ᠠ ᠰᠠᠶᠢᠨ ᠢᠯᠡᠳᠭᠡᠯ ᠪᠣᠯᠵᠠᠶ᠃ ᠪᠦᠷᠢᠮᠦᠰᠦᠨ ᠵᠥᠪᠰᠢᠶᠡᠷᠡᠨ᠎ᠡ᠃ ᠨᠢᠭᠡ ᠵᠢᠯ ᠤᠨ ᠲᠤᠷᠰᠢ᠂ ᠨᠠᠮ ᠪᠣᠯᠤᠨ ᠤᠯᠤᠰ ᠤᠨ ᠡᠯ᠎ᠡ ᠵᠦᠶ᠋ᠯ ᠤᠨ ᠠᠵᠢᠯ ᠦᠶ᠋ᠯᠡᠰ ᠤᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠨᠢ ︽ᠬᠤᠶᠠᠷ ᠢ ᠲᠣᠭᠲᠠᠭᠠᠬᠤ︾ ᠶᠢᠨ ᠰᠢᠶ᠋ᠳᠪᠦᠷᠢᠯᠡᠭᠴᠢ ᠠᠴᠢ ᠬᠤᠯᠪᠣᠭᠳᠠᠯ ᠢ ᠠᠮᠢᠳᠤᠯᠢᠭ ᠢᠶᠠᠷ ᠲᠠᠶᠢᠯᠪᠤᠷᠢᠯᠠᠵᠤ᠂ ᠪᠢᠳᠡᠨ ᠤ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠯᠬᠦᠮᠳᠡᠨ ᠨᠢᠭᠡᠳᠴᠦ ᠤᠷᠤᠭᠰᠢ ᠳᠠᠪᠰᠢᠬᠤ ᠶᠢ ᠵᠣᠷᠢᠭᠵᠢᠭᠤᠯᠪᠠ᠃ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠲᠤᠬᠳᠠᠮᠠᠯ ᠪᠤᠰᠤ ᠭᠠᠳᠠᠭᠠᠳᠤ ᠣᠷᠴᠢᠨ ᠳᠤ ᠬᠠᠨᠳᠤᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠷᠢᠰᠥᠯᠳᠦᠭᠡᠨ ᠳᠤ ᠰᠢᠭᠤᠳ ᠬᠠᠨᠳᠤᠵᠤ᠂ ᠰᠢᠰᠲ᠋ᠧᠮ ᠲᠠᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠷᠸ᠎ᠠ ᠪᠠ ᠬᠤᠮᠠᠬᠢ᠂ ᠤᠯᠤᠰ ᠤᠨ ᠳᠣᠲᠣᠭᠠᠳᠤ ᠪᠠ ᠤᠯᠤᠰ ᠤᠨ ᠭᠠᠳᠠᠭᠠᠳᠤ᠂ ᠥᠭᠡᠷᠡᠴᠢᠯᠡᠯᠲᠡ ᠪᠠ ᠲᠣᠭᠲᠠᠭᠤᠨ᠂ ᠬᠥᠭᠵᠢᠯᠲᠡ ᠪᠠ ᠠᠷᠠᠳ ᠤᠨ ᠠᠮᠢᠳᠤᠷᠠᠯ ᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠢᠲᠡᠭᠡᠯ ᠵᠣᠷᠢᠭ ᠢ ᠭᠦᠢᠴᠡᠳ ᠢᠯᠡᠷᠡᠭᠦᠯᠵᠠᠢ ᠭᠡᠵᠦ ᠬᠡᠯᠡᠪᠡ᠃     ᠪᠦ᠋ ᠰᠢᠶᠤᠤ ᠯᠢᠨ ᠲᠥᠯᠥᠭᠡᠯᠡᠭᠴᠢ᠂ ᠶᠡᠷᠦᠩᠬᠡᠢ ᠱᠦᠵᠢ ᠶᠢᠨ ᠲᠣᠳᠣᠷᠬᠠᠶᠢᠯᠠᠨ ᠥᠭᠦᠯᠡᠭᠰᠡᠨ ︽ᠲᠠᠪᠤᠨ ᠵᠠᠶᠢᠯᠠᠰᠢ ᠦᠭᠡᠢ ᠵᠠᠮᠨᠠᠬᠤ ᠵᠠᠮ︾ ᠤᠨ ᠴᠢᠬᠤᠯᠠ ᠲᠠᠨᠢᠯᠲᠠ ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠭᠰᠠᠨ ᠲᠡᠦᠬᠡᠨ ᠶᠠᠪᠤᠴᠠ ᠳᠠᠬᠢ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠠᠭᠤᠯᠤᠭᠳᠠᠬᠤᠨ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨᠵᠡᠭᠡᠢ ᠶᠤᠮ᠃ ᠪᠢᠳᠡ ᠳᠡᠭᠡᠳᠦ ᠬᠡᠮᠵᠢᠶᠡᠨ ᠤ ᠲᠡᠦᠬᠡ ᠶᠢᠨ ᠢᠲᠡᠭᠡᠯ ᠪᠠ ᠴᠢᠩᠭ᠎ᠠ ᠡᠭᠦᠷᠭᠡ ᠬᠠᠷᠢᠭᠤᠴᠠᠯᠭᠠᠲᠤ ᠰᠡᠳᠭᠢᠯᠭᠡ ᠪᠠᠷ ᠡᠨᠡ ᠲᠠᠪᠤᠨ ᠲᠤᠷᠰᠢᠯᠭ᠎ᠠ ᠶᠢ ᠬᠤᠪᠢ ᠲᠠᠬᠢᠨ ᠨᠠᠨᠳᠢᠩᠨᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠶᠡᠷᠦᠩᠬᠡᠢ ᠱᠦᠵᠢ ᠶᠢᠨ ᠱᠠᠭᠠᠷᠳᠠᠯᠭ᠎ᠠ ᠶᠣᠰᠣᠭᠠᠷ᠂ ᠭᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ᠰᠡᠳᠭᠢᠯ ᠵᠢᠷᠦᠬᠡᠨ ᠳᠡᠭᠡᠨ ︽ᠤᠯᠤᠰ ᠤᠨ ᠶᠡᠭᠡ ᠶᠠᠪᠤᠲᠠᠯ︾ ᠢ ᠪᠠᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯ ᠤᠨ ᠱᠠᠭᠠᠷᠳᠠᠯᠭ᠎ᠠ ᠶᠢ ᠡᠵᠡᠮᠳᠡᠵᠦ᠂ ᠰᠢᠨ᠎ᠡ ᠠᠶᠠᠨ ᠵᠠᠮ ᠤᠨ ᠦᠨᠳᠦᠰᠦᠲᠡᠨ ᠤ ᠪᠦᠯᠬᠦᠮᠳᠡᠯ ᠪᠠ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ᠃ ᠶᠡᠷᠦᠩᠬᠡᠶ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠶ᠋ᠴᠡᠳ ᠲᠤᠭᠤᠰᠢᠯᠠᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠤᠨ ᠳ᠋ᠦᠩᠨᠡᠯᠲᠡ᠂ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠨᠢ ᠴᠥᠮ ᠬᠥᠮᠦᠰ ᠢ ᠵᠣᠷᠢᠭᠵᠢᠭᠤᠯᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠦᠬᠦ ᠪᠥᠮᠪᠥᠷᠴᠡᠭ ᠲᠤ ᠲᠡᠷᠢᠭᠦᠯᠡᠵᠦ᠂ ᠵᠢᠱᠢᠭᠰᠡᠡ ᠠᠴᠠ ᠲᠠᠪᠠᠭᠰᠠᠠ ᠮᠠᠰᠢ ᠤᠯᠠᠨ ᠠᠮᠵᠢᠯᠲᠠ ᠪᠦᠲᠦᠮᠵᠢ ᠤᠯᠵᠠᠢ᠃ ᠪᠢᠳᠡ ᠡᠭᠦᠨ ᠤ ᠳᠤᠮᠳᠠ ᠠᠴᠠ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠳᠤᠮᠳᠠ ᠢᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠬᠡᠯᠡᠪᠡ᠃      ᠹᠦ᠋ ᠶᠢᠩ ᠲᠥᠯᠥᠭᠡᠯᠡᠭᠴᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠤᠭᠠᠳ ᠪᠢ ᠶᠡᠬᠡᠳᠡ ᠵᠣᠷᠢᠭᠵᠢᠪᠠ᠃ ᠨᠢᠳᠤᠨᠤᠨ᠂ ᠳᠡᠯᠡᠬᠡᠢ ᠶᠢᠨ ᠣᠷᠴᠢᠨ ᠲᠣᠭᠤᠷᠢᠨ ᠤᠷᠪᠠᠭᠠᠨ ᠬᠥᠷᠪᠡᠭᠡᠨ ᠲᠠᠢ ᠪᠠᠶᠢᠵᠤ᠂ ᠳᠤᠮᠳᠠᠳᠤ ᠤᠯᠤᠰ ᠭᠠᠳᠠᠭᠠᠳᠤ ᠶᠢᠨ ᠬᠠᠷᠰᠢᠯᠠᠯ ᠳᠤ ᠨᠦᠯᠦᠭᠡᠯᠡᠭᠲᠡᠭᠰᠡᠡ ᠦᠭᠡᠢ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠠᠯᠬᠤᠮ ᠲᠠᠷᠠᠭ᠎ᠠ ᠲᠠᠢ ᠪᠠᠷ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠠᠯᠢ ᠤᠯᠠᠨ ᠴᠢᠬᠤᠯᠠ ᠶᠡᠭᠡ ᠠᠮᠵᠢᠯᠲᠠ ᠣᠯᠤᠭᠰᠠᠨ ᠤ ᠦᠨᠳᠦᠰᠦᠨ ᠰᠢᠯᠲᠠᠭᠠᠨ ᠨᠢ ᠳᠠᠷᠤᠢ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭᠠᠨ ᠤ ᠵᠢᠯᠤᠭᠤᠳᠤᠯᠭ᠎ᠠ ᠲᠠᠢ᠂ ᠶᠡᠷᠦᠩᠬᠡᠢ ᠱᠦᠵᠢ ᠪᠡᠶ᠎ᠡ ᠪᠠᠷ ᠢᠶᠠᠨ ᠵᠠᠯᠠᠭᠤᠷ ᠪᠠᠷᠢᠨ ᠠᠶᠠᠯᠠᠯ ᠢ ᠵᠢᠯᠣᠭᠤᠳᠤᠭᠰᠠᠨ ᠳᠤ ᠪᠤᠢ᠂ ᠪᠢᠳᠡ ᠨᠠᠷᠢᠨ ᠪᠤᠳᠤᠯᠢᠶᠠᠨᠲᠠᠢ ᠭᠠᠳᠠᠭᠠᠳᠤ ᠬᠠᠷᠢᠯᠴᠠᠭᠠᠨ ᠤ ᠲᠠᠶᠢᠨ ᠤ ᠲᠠᠯᠠᠪᠤᠷ ᠲᠤ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠤᠯᠤᠰ ᠤᠨ ᠢᠶᠠᠨ ᠲᠥᠯᠥᠭᠡ ᠢᠮᠠᠭᠲᠠ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠠᠲᠤᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠪᠦᠷᠢᠨ ᠵᠥᠪᠰᠢᠶᠡᠷᠡᠵᠦ ᠪᠠᠶᠢᠨ᠎ᠠ᠃ ᠭᠠᠳᠠᠭᠠᠳᠤ ᠲᠠᠢ ᠬᠠᠷᠢᠯᠴᠠᠬᠤ ᠪᠠ ᠣᠯᠠᠨ ᠤᠯᠤᠰ ᠤᠨ ᠬᠡᠷᠡᠭ ᠶᠠᠪᠤᠳᠠᠯ ᠢ ᠰᠢᠶ᠋ᠳᠪᠦᠷᠢᠯᠡᠬᠦ ᠦᠶᠡᠰ᠂ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢ ᠵᠢᠷᠤᠮᠯᠠᠵᠦ᠂ ᠵᠥᠪ ᠪᠤᠷᠤᠭᠤ ᠶᠢ ᠦᠨᠳᠦᠰᠦᠯᠡᠵᠦ ᠮᠠᠭᠠᠳᠯᠠᠯᠲᠠ ᠬᠢᠬᠦ ᠪᠦᠭᠡᠳ ᠰᠠᠶᠢᠲᠤᠷ ᠰᠢᠶ᠋ᠳᠪᠦᠷᠢᠯᠡᠵᠦ᠂ ᠮᠠᠨ ᠤ ᠤᠯᠤᠰ ᠤᠨ ᠭᠠᠳᠠᠭᠠᠳᠤ ᠣᠷᠴᠢᠨ ᠲᠣᠭᠤᠷᠢᠨ ᠨᠤᠷᠠᠭᠠᠯᠲᠠ ᠳᠤ ᠤᠴᠠᠷᠠᠬᠤ ᠦᠭᠡᠢ᠂ ᠡᠪᠳᠡᠭᠳᠡᠬᠦ ᠦᠭᠡᠢ ᠶᠢ ᠪᠠᠲᠤᠯᠠᠵᠦ᠂ ᠢᠷᠡᠭᠡᠳᠦᠶ ᠳᠤ ᠬᠠᠷᠢᠴᠠᠩᠭᠤᠶ ᠡᠩᠬᠡ ᠲᠠᠶᠢᠪᠤᠩ ᠲᠣᠭᠲᠠᠭᠤᠨ ᠭᠠᠳᠠᠭᠠᠳᠤ ᠣᠷᠴᠢᠨ ᠲᠣᠭᠤᠷᠢᠨ ᠳᠤ ᠤᠯᠤᠰ ᠤᠨ ᠳᠣᠲᠣᠭᠠᠳᠤ ᠶᠢᠨ ᠡᠯ᠎ᠡ ᠵᠦᠶ᠋ᠯ ᠤᠨ ᠬᠥᠭᠵᠢᠯᠲᠡ ᠶᠢᠨ ᠡᠭᠦᠷᠭᠡ ᠶᠢ ᠦᠷᠬᠦᠯᠵᠢᠯᠡᠡ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠬᠡᠯᠡᠪᠡ᠃      ᠮᠧᠩ ᠹᠠᠠ ᠯᠢ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠢᠦᠢ ᠯᠢ ᠰᠢᠨ᠂ ᠯᠢᠨ ᠱᠤᠤ ᠴᠦᠨ᠂ ᠯᠢ ᠷᠦᠩ ᠰᠢ᠂ ᠴᠢ᠊ ᠪᠠᠳᠤ᠂ ᠮᠠ ᠰᠢᠤᠸᠠᠢ ᠵᠢᠶᠦ᠋ᠨ ᠂ ᠣᠷᠳᠣ᠂ ᠵᠠᠩ ᠵᠢᠶᠠᠨ ᠮᠢᠨ᠂ ᠶᠠᠩ ᠽᠦᠩ ᠷᠧᠨ᠂ ᠯᠢ ᠴᠢ ᠯᠢᠨ᠂ ᠢᠦᠢ ᠰᠢᠦᠢ ᠪᠥᠸᠧ᠂ ᠯᠢ ᠴᠢᠤᠸᠠᠨ ᠸᠧᠨ᠂ ᠭᠦᠩ ᠮᠢᠩ ᠵᠦ᠂ ᠵᠠᠩ ᠯᠸᠢ᠂ ᠵᠠᠩ ᠰᠢᠶᠤᠤ ᠪᠢᠩ᠂ ᠹᠸᠡᠭ ᠢᠦᠢ ᠵᠧᠨ᠂ ᠵᠣᠤ ᠵᠢᠶᠠᠩ ᠲᠤᠤ᠂ ᠵᠠᠩ ᠵᠢᠶ ᠢ᠂ ᠳ᠋ᠠᠶ ᠰᠢ ᠶᠤᠸᠠᠨ᠂ ᠮᠧᠶ ᠬᠤᠸᠠ᠂ ᠵᠠᠩ ᠵᠢᠶ ᠰᠢᠨ᠂ ᠬᠦᠬᠡᠪᠠᠭᠠᠳᠤᠷ᠂ ᠭᠧ ᠮᠢᠩ᠂ ᠴᠧᠨ ᠯᠢᠶᠠᠩ᠂ ᠹᠧᠩ ᠶᠠᠨ ᠯᠢ᠂ ᠸᠠᠩ ᠰᠢᠶᠤᠤ ᠬᠤᠩ᠂ ᠯᠢ ᠭᠦᠸᠧ ᠴᠢᠨ᠂ ᠰᠢᠩ ᠵᠢᠶᠧ ᠬᠤᠩ᠂ ᠮᠥᠩᠬᠡ᠂ ᠰᠢᠤᠸᠠᠢ ᡁᠢ ᠭᠦᠸᠧ᠂ ᠶᠠᠩ ᠹᠸᠢ ᠶᠦᠨ᠂ ᠸᠠᠩ ᠰᠢᠨ ᠬᠤᠢ ᠵᠡᠷᠭᠡ ᠲᠥᠯᠥᠭᠡᠯᠡᠭᠴᠢ ᠦᠭᠡ ᠬᠡᠯᠡᠵᠥ᠂ ᠣᠯᠠᠨ ᠢᠶᠠᠷ ᠢᠶᠠᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠠᠢ᠃ ᠯᠢᠦ ᠱᠤᠸᠠᠩ ᠬᠤᠷᠠᠯ ᠳᠤ ᠰᠤᠯᠠ ᠣᠷᠣᠯᠴᠠᠵᠤ ᠦᠭᠡ ᠶᠠᠷᠢᠵᠠᠢ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ