ᠣᠶᠢᠷ᠎ᠠ ᠳᠤ᠂ ᠣᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠨᠦᠩ ᠳ᠋ᠢᠩ ᠰᠢᠶᠠᠩ ᠵᠢᠶᠠᠩᠨᠠᠭᠰᠠᠨ ᠨᠤᠭᠤᠭ᠎ᠠ ᠶᠢᠨ ᠲᠤᠰᠬᠠᠶ ᠬᠤᠷᠰᠢᠶᠠᠵᠢᠯ | ᠲᠤᠬᠠᠶ ᠶᠢᠨ ᠭᠠᠵᠠᠷ ᠤᠨ ᠲᠣᠰᠬᠤᠨ ᠤ ᠠᠷᠠᠳ ᠢ ᠳᠠᠶᠢᠴᠢᠯᠠᠨ ᠵᠠᠬᠢᠶᠠᠯᠠᠭ᠎ᠠ ᠶᠢᠨ ᠮᠠᠨᠵᠢᠨ ᠤ ᠲᠠᠷᠢᠮᠠᠯ ᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ | ᠨᠡᠮᠡᠭᠳᠡᠭᠦᠯᠵᠦ ᠪᠠᠶᠢᠨ᠎ᠠ᠃ | ᠰᠣᠷᠪᠣᠯᠵᠢᠯᠠᠭᠴᠢ ᠶᠢ ᠰᠢᠨ ᠠᠨ ᠪᠠᠯᠭᠠᠰᠤᠨ ᠤ ᠨᠦᠩ ᠳ᠋ᠢᠩ ᠰᠢᠶᠠᠩ ᠵᠢᠶᠠᠩᠨᠠᠭᠰᠠᠨ ᠨᠣᠭᠤᠭ᠎ᠠ ᠶᠢᠨ ᠲᠤᠰᠬᠠᠶ ᠬᠤᠷᠰᠢᠶᠠᠵᠢᠯ ᠳᠤ ᠬᠦᠷᠬᠦ ᠳᠤ᠂ ᠣᠶᠢᠷ᠎ᠠ | ᠬᠠᠪᠢ ᠶᠢᠨ ᠲᠣᠰᠬᠤᠨ ᠤ ᠠᠷᠠᠳ ᠬᠦᠷᠦᠯᠴᠡᠨ ᠢᠷᠡᠵᠦ ᠬᠤᠷᠰᠢᠶᠠᠵᠢᠯ ᠲᠠᠢ ᠮᠠᠨᠵᠢᠨ ᠳᠠᠷᠢᠬᠤ ᠵᠠᠬᠢᠶᠠᠯᠠᠭ᠎ᠠ ᠶᠢᠨ ᠬᠡᠷ᠎ᠡ ᠲᠣᠭᠲᠠᠵᠤ ᠪᠠᠶᠢᠪᠠ᠃ ᠲᠣᠰᠬᠤᠨ ᠤ | ᠠᠷᠠᠳ ᠵᠢᠶᠠ ᡁᠢ ᠵᠦᠩ ᠬᠡᠯᠡᠬᠦ ᠳᠡᠭᠡᠨ᠄ ︽ᠡᠨᠡ ᠵᠢᠯ ᠮᠠᠨ ᠤ ᠬᠢᠨ ᠪᠠᠰᠠ ᠬᠤᠷᠰᠢᠶᠠᠵᠢᠯ ᠲᠠᠢ 6 ᠮᠦ ᠭᠠᠵᠠᠷ ᠤᠨ ᠮᠠᠨᠵᠢᠨ ᠲᠠᠷᠢᠬᠤ ᠵᠠᠬᠢᠶᠠᠯᠠᠭ᠎ᠠ ᠲᠣᠭᠲᠠᠵᠠᠢ᠃ | ᠬᠤᠷᠰᠢᠶᠠᠵᠢᠯ ᠲᠠᠢ ᠭᠡᠷ᠎ᠡ ᠲᠣᠭᠲᠠᠪᠠᠯ᠂ ᠵᠢᠯ ᠳᠤ ᠬᠤᠶᠠᠷ ᠤᠳᠠᠭ᠎ᠠ ᠲᠠᠷᠢᠵᠤ ᠳᠡᠶᠢᠯᠦᠨ᠎ᠡ᠂ ᠨᠢᠭᠡ ᠮᠦ ᠭᠠᠵᠠᠷ ᠤᠨ ᠮᠠᠨᠵᠢᠨ ᠤ ᠴᠡᠪᠡᠷ ᠣᠷᠣᠯᠭ᠎ᠠ 3000 | ᠲᠥᠭᠦᠷᠢᠭ ᠤᠨ ᠪᠠᠲᠤᠯᠠᠭ᠎ᠠ ᠲᠠᠢ ︾ ᠬᠡᠮᠡᠨ ᠪᠠᠶᠠᠷᠲᠠᠢ ᠶᠠᠷᠢᠵᠤ ᠪᠠᠶᠢᠯ᠎ᠠ᠃ | ᠣᠷᠠᠳ ᠤᠨ ᠡᠮᠦᠨᠡᠲᠦ ᠬᠤᠰᠢᠭᠤᠨ ᠤ ᠨᠦᠩ ᠳ᠋ᠢᠩ ᠰᠢᠶᠠᠩ ᠵᠢᠶᠠᠩᠨᠠᠭᠰᠠᠨ ᠨᠣᠭᠤᠭ᠎ᠠ ᠶᠢᠨ ᠲᠤᠰᠬᠠᠶ ᠬᠤᠷᠰᠢᠶᠠᠵᠢᠯ ᠨᠢ 2012 ᠣᠨ ᠤ 4 ᠰᠠᠷ᠎ᠠ ᠳᠤ | ᠪᠠᠶᠢᠭᠤᠯᠤᠭᠳᠠᠵᠤ᠂ ᠭᠤᠤᠯᠳᠠᠭᠤ ᠪᠣᠷᠣᠲᠣᠬᠤᠶ ᠶᠢᠨ ᠤᠨᠴᠠᠯᠢᠭᠳᠤ ᠳᠠᠪᠤᠰᠤᠯᠠᠭᠰᠠᠨ ᠨᠣᠭᠤᠭ᠎ᠠ ᠦᠢᠯᠡᠳᠪᠦᠷᠢᠯᠡᠬᠦ ᠪᠠᠷ ᠭᠤᠣᠯᠯᠠᠳᠠᠭ᠃ ᠬᠤᠷᠰᠢᠶᠠᠵᠢᠯ ᠨᠢ | ᠪᠠᠶᠢᠭᠤᠯᠤᠭᠳᠠᠭᠰᠠᠨ ᠡᠬᠢᠨ ᠤ ᠦᠶ᠎ᠡ ᠳᠤ ᠬᠡᠪᠴᠢᠶ᠎ᠡ ᠪᠠᠷ ᠨᠡᠯᠢᠶᠡᠳ ᠪᠠᠭ᠎ᠠ ᠪᠠᠶᠢᠵᠤ᠂ ᠲᠦᠭᠦᠬᠡᠶ ᠮᠠᠲ᠋ᠧᠷᠢᠶᠠᠯ ᠤᠨ ᠮᠠᠨᠵᠢᠨ ᠢ ᠭᠤᠣᠯᠳᠠᠭᠤ ᠲᠠᠷᠢᠶᠠᠴᠢᠨ ᠡᠷᠦᠬᠡ ᠠᠴᠠ | ᠪᠠᠭ᠎ᠠ ᠪᠠᠭ᠎ᠠ ᠪᠠᠷ ᠬᠤᠳᠠᠯᠳᠣᠵᠣ ᠠᠪᠳᠠᠭ ᠪᠠᠶᠢᠵᠠᠢ᠃ 2013 ᠣᠨ ᠠᠴᠠ ᠡᠬᠢᠯᠡᠨ ᠲᠣᠰ ᠬᠤᠷᠰᠢᠶᠠᠵᠢᠯ ᠤᠨ ᠳᠠᠪᠤᠰᠤᠯᠠᠭᠰᠠᠨ ᠨᠣᠭᠤᠭ᠎ᠠ ᠨᠢ ᠬᠡᠷᠡᠭᠯᠡᠭᠴᠢᠳ ᠤᠨ | ᠬᠦᠷᠢᠶᠡᠯᠡᠯ ᠢ ᠣᠯᠣᠭᠰᠠᠨ ᠠᠴᠠ ᠦᠢᠯᠡᠳᠪᠦᠷᠢᠯᠡᠯ ᠤᠨ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠲᠠᠢ | ᠬᠤᠯᠪᠣᠭᠠᠯᠠᠬᠤ ᠪᠠᠷ ᠲᠡᠮᠵᠢᠨ ︽ᠬᠤᠷᠰᠢᠶᠠᠵᠢᠯ + ᠲᠠᠷᠢᠶᠠᠴᠢᠨ ᠡᠷᠦᠬᠡ + ᠰᠠᠭᠤᠷᠢᠨ ᠭᠠᠵᠠᠷ︾ ᠤᠨ ᠵᠠᠭᠪᠤᠷ ᠢᠶᠠᠷ ᠲᠠᠷᠢᠶᠠᠴᠢᠨ ᠡᠷᠦᠬᠡ ᠯᠦᠭᠡ ᠲᠠᠷᠢᠮᠠᠯ ᠤᠨ ᠭᠡᠷ᠎ᠡ | ᠲᠣᠭᠲᠠᠵᠤ᠂ ᠲᠠᠷᠢᠮᠠᠯ ᠤᠨ ᠰᠠᠭᠤᠷᠢᠨ ᠭᠠᠵᠠᠷ ᠪᠠᠶᠢᠭᠤᠯᠤᠨ᠂ ᠮᠠᠨᠵᠢᠨ ᠲᠠᠷᠢᠬᠤ ᠠᠴᠠ ᠬᠤᠷᠢᠶᠠᠯᠲᠠ ᠠᠪᠬᠤ ᠬᠦᠷᠲᠡᠯ᠎ᠡ ᠰᠢᠰᠲ᠋ᠧᠮᠵᠢᠭᠰᠡᠨ᠂ ᠵᠢᠷᠤᠮᠵᠢᠭᠰᠠᠨ | ᠬᠠᠮᠢᠶᠠᠷᠤᠯᠲᠠ ᠶᠢ ᠪᠡᠶᠡᠯᠡᠬᠦᠯᠪᠡ᠃ ᠣᠳᠣᠬᠠᠨ ᠪᠣᠯᠲᠠᠯ᠎ᠠ᠂ ᠲᠤᠰ ᠬᠤᠷᠰᠢᠶᠠᠵᠢᠯ ᠤᠨ ᠲᠠᠷᠢᠮᠠᠯ ᠤᠨ ᠰᠠᠭᠤᠷᠢᠨ ᠭᠠᠵᠠᠷ ᠨᠢ ᠬᠠᠮᠤᠭ ᠠᠩᠬᠠᠨ ᠤ 20 ᠭᠠᠷᠤᠢ | ᠮᠦ ᠠᠴᠠ ᠪᠠᠨ ᠬᠦᠭᠵᠢᠭᠡᠳ ᠣᠳᠣ 400 ᠭᠠᠷᠤᠢ ᠮᠦ ᠪᠣᠯᠵᠣ᠂ ᠵᠢᠯ ᠤᠨ ᠳᠤᠮᠳᠠᠴᠢ ᠣᠷᠣᠯᠭ᠎ᠠ ᠨᠢ 3 ᠲᠦᠮᠡ ᠭᠠᠷᠤᠢ ᠲᠥᠭᠦᠷᠢᠭ ᠲᠤ ᠬᠦᠷᠪᠡ᠃ | ᠵᠠᠬᠢᠶᠠᠯᠠᠭ᠎ᠠ ᠶᠢᠨ ᠮᠠᠨᠵᠢᠨ ᠨᠢ ᠲᠣᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠣᠷᠣᠯᠭ᠎ᠠ ᠶᠢ ᠪᠠᠲᠤᠯᠠᠭ᠎ᠠ ᠲᠠᠢ ᠪᠣᠯᠭᠠᠭᠰᠠᠨ ᠢᠶᠠᠷ ᠪᠠᠷᠠᠬᠤ ᠥᠬᠡᠶ ᠪᠠᠰᠠ | ᠲᠠᠷᠢᠶᠠᠴᠢᠨ ᠡᠷᠦᠬᠡ ᠶᠢᠨ ᠬᠥᠳᠡᠯᠮᠦᠷᠢ ᠬᠦᠴᠦᠨ ᠢ ᠠᠷᠪᠢᠯᠠᠵᠤ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃ | ᠣᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤᠨ ᠤ ᠨᠦᠩ ᠳ᠋ᠢᠩ ᠰᠢᠶᠠᠩ ᠵᠢᠶᠠᠩᠨᠠᠭᠰᠠᠨ ᠨᠤᠭᠤᠭ᠎ᠠ ᠶᠢᠨ ᠲᠤᠰᠬᠠᠶ ᠬᠤᠷᠰᠢᠶᠠᠵᠢᠯ ᠨᠢ ᠲᠣᠬᠠᠢ ᠶᠢᠨ | ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠠ ᠵᠢᠩᠬᠢᠨᠢ ᠲᠦᠭᠦᠬᠡᠶ ᠮᠠᠲ᠋ᠧᠷᠢᠶᠠᠯ ᠳᠤ ᠲᠦᠰᠢᠭᠯᠡᠨ ᠠᠴᠠ ᠲᠠᠪᠣᠰᠣᠯᠠᠭᠰᠠᠨ ᠨᠣᠭᠤᠭ᠎ᠠ ᠨᠢ ᠴᠢᠨᠠᠷᠯᠢᠭ ᠠᠮᠲᠠᠯᠢᠭ | ᠪᠠᠶᠢᠳᠠᠭ ᠠᠴᠠ ᠬᠥᠬᠡᠬᠤᠲᠠ᠂ ᠦᠬᠠᠶ ᠵᠡᠷᠭᠡ ᠣᠶᠢᠷ᠎ᠠ ᠬᠠᠪᠢ ᠶᠢᠨ ᠭᠠᠵᠠᠷ ᠣᠷᠣᠨ ᠤ ᠬᠡᠷᠡᠭᠯᠡᠭᠴᠢᠳ ᠤᠨ ᠪᠠᠬ᠎ᠠ ᠶᠢ ᠶᠡᠬᠡᠳᠡ ᠲᠠᠲᠠᠵᠤ ᠂ ᠪᠣᠷᠣᠯᠠᠭᠤᠯᠭ᠎ᠠ ᠨᠢ ᠴᠣ᠋ | ᠣᠯᠠᠮ ᠠᠴᠠ ᠣᠯᠠᠮ ᠬᠦᠭᠵᠢᠶᠡᠨᠲᠡᠢ ᠪᠣᠯᠪᠠ᠃ | ᠣᠳᠣᠬᠠᠨ ᠳᠤ᠂ ᠲᠣᠰ ᠬᠤᠷᠰᠢᠶᠠᠵᠢᠯ ᠤᠨ ᠳᠠᠪᠤᠰᠤᠯᠠᠭᠰᠠᠨ ᠨᠣᠭᠤᠭ᠎ᠠ ᠨᠢ ᠨᠢᠭᠡᠨᠲᠡ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠪᠠᠷ | ᠪᠣᠷᠣᠯᠠᠭᠤᠯᠣᠭᠳᠠᠵᠣ᠂ ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠨᠢ 200 ᠲᠣᠨ ᠰᠢᠬᠠᠮ ᠳᠤ ᠬᠦᠷᠴᠦ᠂ 500 ᠭᠠᠷᠤᠢ ᠲᠦᠮᠡᠨ ᠲᠥᠭᠦᠷᠢᠭ ᠤᠨ ᠪᠣᠷᠣᠯᠠᠭᠤᠯᠭ᠎ᠠ | ᠶᠢᠨ ᠦᠷᠲᠡᠭ ᠢ ᠡᠭᠦᠳᠴᠣ ᠪᠠᠶᠢᠨ᠎ᠠ᠃ | | | |